1.jpg

ᠪᠡᠭᠡᠵᠢᠩ ᠤᠨ 2022 ᠣᠨ ᠤ ᠡᠪᠦᠯ ᠤᠨ ᠤᠯᠠᠷᠢᠯ ᠤᠨ ᠣᠯᠢᠮᠫᠢᠺ ᠤᠨ  ᠪᠡᠶ᠎ᠡ ᠶᠢᠨ ᠲᠠᠮᠢᠷ ᠤᠨ ᠴᠤᠭᠯᠠᠭᠠᠨ ᠪᠠ‌ ᠡᠪᠦᠯ ᠤᠨ ᠤᠯᠠᠷᠢᠯ ᠤᠨ ᠵᠡᠮᠳᠡᠭᠴᠤᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠠᠶᠢᠨ  ᠲᠤᠷᠠᠴᠤᠳ ᠡᠯᠰᠡᠬᠦ‍‌ ᠠᠵᠢᠯ 5 ᠤ ᠡᠳᠦᠷ ᠵᠢᠩᠬᠢᠨᠢ ᠪᠠᠷ ᠡᠬᠢᠯᠡᠪᠡ᠃ ᠪᠡᠭᠡᠵᠢᠩ ᠤᠨ ᠡᠪᠦᠯ ᠤᠨ ᠤᠯᠠᠷᠢᠯ ᠤᠨ  ᠣᠯᠢᠮᠫᠢᠺ ᠤᠨ  ᠪᠡᠶ᠎ᠡ ᠶᠢᠨ  ᠲᠠᠮᠢᠷ ‍ᠤᠨ‌‍ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠨᠢ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ  ᠴᠤᠭᠯᠠᠭᠠᠨ ‍ᠤ‌ᠤᠷᠤᠯᠳᠤᠭᠠᠨ ᠤ 2.7 ᠲᠦᠮᠡᠨ ᠰᠠᠶᠢᠨ ᠲᠤᠷᠠᠴᠤᠳ᠂ ᠡᠪᠦᠯ ᠤᠨ ᠤᠯᠠᠷᠢᠯ ᠤᠨ ᠵᠡᠮᠳᠡᠭᠴᠤᠳ ᠤᠨ  ᠣᠯᠢᠮᠫᠢᠺ ᠤᠨ  ᠪᠡᠶ᠎ᠡ ᠵᠢᠨ‌‍ᠲ᠋ᠠᠮᠢᠷ ᠤᠨ ᠴᠤᠭᠯᠠᠭᠠᠨ ᠤ ᠤᠷᠤᠯᠳᠤᠭᠠᠨ ᠤ 1.2 ᠲᠦᠮᠡᠨ ᠰᠠᠶᠢᠨ ᠲᠤᠷᠠᠴᠤᠳ ᠢ ᠡᠯᠰᠡᠵᠦ᠂ 2021 ᠣᠨ ᠤ 6 ᠰᠠᠷ᠎ᠠ ᠶᠢᠨ 30 ᠤ ᠡᠳᠦᠷ ᠪᠣᠯᠲᠠᠯ᠎ᠠ ᠡᠯᠰᠡᠬᠦ ᠪᠠᠷ ᠲᠥᠯᠥᠪᠯᠡᠵᠦ ᠪᠠᠶᠢᠨ᠎ᠠ᠃ ᠤᠷᠤᠯᠳᠤᠭᠠᠨ ᠤ ᠰᠠᠶᠢᠨ ᠲᠤᠷᠠᠴᠣᠳ ᠢ ᠪᠡᠭᠡᠵᠢᠩ᠂ ᠶᠠᠨᠴᠢᠩ᠂ ᠴᠢᠭᠤᠯᠤᠯᠲᠤ ᠬᠠᠭᠠᠯᠭ᠎ᠠ ᠵᠡᠷᠭᠡ  3 ᠤᠷᠤᠯᠳᠤᠭᠠᠨ ᠤ  ᠲᠣᠭᠤᠷᠢᠭ ᠵᠢᠴᠢ ᠪᠤᠰᠤᠳ ᠬᠤᠯᠪᠣᠭᠳᠠᠯ  ᠪᠦᠬᠦᠢ ᠲᠠᠯᠠᠪᠤᠷ  ᠪᠠ‌‍ ᠲ᠋ᠥ᠋ᠬᠦᠭᠡᠷᠦᠮᠵᠢ ᠪᠠᠷ ᠲᠠᠷᠬᠠᠭᠠᠨ ᠠᠵᠢᠯᠯᠠᠭᠤᠯᠬᠤ ᠪᠤᠯᠤᠨ᠎ᠠ᠃ 

ᠤᠷᠤᠯᠳᠤᠭᠠᠨ ᠤ ᠰᠠᠶᠢᠨ ᠲᠤᠷᠠᠴᠤᠳ ᠲᠤ ᠨᠡᠷ᠎ᠠ ᠮᠡᠳᠡᠭᠦᠯᠵᠦ ᠡᠷᠡᠮᠡᠯᠵᠡᠭᠦ ᠬᠦᠮᠦᠰ ᠨᠢ 5 ᠵᠦᠢᠯ ᠤᠨ  ᠦᠨᠳᠦᠰᠦᠨ‌ᠨᠥ᠋ᠬᠦᠴᠡᠯ ᠢ ᠪᠦᠷᠢᠯᠳᠦᠭᠦᠯᠦᠭᠰᠡᠨ  ᠪᠠᠶᠢᠬᠤ  ᠬᠡᠷᠡᠭᠲᠡᠢ᠄ ᠳᠤᠮᠳᠠᠳᠤ  ᠤᠯᠤᠰ ᠤᠨ  ᠬᠠᠤᠯᠢ  ᠴᠠᠭᠠᠵᠠ  ᠬᠠᠤᠯᠢ  ᠲᠣᠭᠲᠠᠭᠠᠯ ᠢ ᠵᠢᠷᠤᠮᠯᠠᠬᠰᠠᠨ ᠪᠠᠶᠢᠬᠤ︔ 2022 ᠣᠨ ᠤ 1 ᠰᠠᠷ᠎ᠠ ᠶᠢᠨ 1 ᠤ ᠡᠳᠦᠷ  ᠪᠤᠯᠬᠤ  ᠳᠤ  ᠪᠦᠬᠦᠯᠢ  18  ᠨᠠᠰᠤ  ᠬᠦᠷᠦᠭᠰᠡᠨ‌‍ ᠪᠠᠶᠢᠬᠤ︔ ᠰᠠᠶᠢᠨ ᠳᠤᠷ᠎ᠠ ᠶᠢᠨ ᠦᠢᠯᠡᠴᠢᠯᠡᠭᠡ ᠬᠢᠭᠦ ᠳᠤ ᠱᠠᠭᠠᠷᠳᠠᠬᠳᠠᠬᠤ  ᠦᠨᠳᠦᠰᠦᠨ  ᠮᠡᠳᠡᠯᠭᠡ  ᠪᠠ  ᠤᠷ᠎ᠠ  ᠴᠢᠳᠠᠪᠤᠷᠢ ᠵᠢ‌‍ ᠪᠦ᠋ᠷᠢᠯᠳᠦᠭᠦᠯᠦᠭᠰᠡᠨ ᠪᠠᠶᠢᠬᠤ︔ ᠬᠢᠲᠠᠳ ᠬᠡᠯᠡ ᠪᠤᠶᠤ ᠠᠩᠭ᠍ᠯᠢ ᠬᠡᠯᠡ ᠪᠠᠷ ᠨᠡᠪᠲᠡᠷᠡᠯᠴᠡᠵᠦ ᠴᠢᠳᠠᠬᠤ︔ ᠤᠷᠤᠯᠳᠤᠭᠠᠨ ᠤ  ᠴᠠᠬ‌ᠠᠯᠤᠰᠯᠠᠬᠰᠠᠨ ᠰᠠᠶᠢᠨ ᠳᠤᠷ᠎ᠠ ᠶᠢᠨ  ᠦᠢᠯᠡᠴᠢᠯᠡᠭᠡ  ᠬᠠᠨᠭ᠍ᠭᠠᠵᠤ  ᠴᠢᠳᠠᠬᠤ ᠵᠡᠷᠭᠡ ᠪᠣᠯᠤᠨ᠎ᠠ᠃  ᠪᠡᠭᠡᠵᠢᠩ ᠤᠨ  ᠡᠪᠦᠯ ‍ᠤᠨ‌ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ  ᠵᠣᠬᠢᠶᠠᠨ  ᠪᠠᠶᠢᠭᠤᠯᠬᠤ  ᠺᠣᠮᠢᠰ ᠨᠢ  ᠡᠯ᠎ᠡ  ᠡᠲᠡᠭᠡᠳ ‍ᠤᠨ‌‍  ᠬᠦᠮᠦᠰ ᠲᠤ ᠡᠷᠬᠡ ᠲᠡᠭᠰᠢ᠂ ᠭᠠᠳᠠᠭᠤᠷᠴᠢᠯᠠᠯ ᠦᠭᠡᠢ ᠨᠡᠷ᠎ᠡ ᠮᠡᠳᠡᠭᠦᠯᠬᠦ ᠲᠣᠬᠢᠶᠠᠯ ᠬᠠᠩᠭᠠᠪᠠ᠃

ᠢᠷᠡᠯᠳᠡ : 

 ᠠᠷᠠᠳ ᠤᠨ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ