ᠠᠷᠪᠠᠨ ᠲᠥᠷᠪᠡᠳᠤᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠪᠡᠯᠡᠳᠭᠡᠯ ᠺᠤᠮᠢᠰ ᠠᠴᠠ ᠥᠢᠯᠠᠭᠠᠬᠰᠠᠨ ᠢᠶᠠᠷ᠂ ᠠᠷᠪᠠᠨ ᠲᠥᠷᠪᠡᠳᠤᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠤᠯᠠᠨ ᠲᠥᠮᠡᠨᠴᠢ ᠤᠷᠤᠯᠳᠤᠭᠠᠨ ᠤ ᠴᠠᠰᠤᠨ ᠲᠡᠭᠡᠷᠡᠬᠢ ᠬᠥᠯ ᠪᠥᠮᠪᠦᠭᠡ ᠶᠢᠨ ᠤᠷᠤᠯᠳᠤᠭᠠᠨ ᠤ ᠪᠡᠯᠡᠳᠭᠡᠯ ᠠᠵᠢᠯ ᠵᠥᠭᠰᠢᠷᠡᠪᠠ᠃ 

ᠲᠤᠰ ᠬᠤᠭᠤᠴᠠᠭᠠᠨ ᠤ ᠴᠠᠰᠤᠨ ᠲᠡᠭᠡᠷᠡᠬᠢ ᠬᠥᠯ ᠪᠥᠮᠪᠦᠭᠡ ᠶᠢᠨ ᠤᠷᠤᠯᠳᠤᠭᠠᠨ ᠳᠤ ᠤᠷᠤᠯᠴᠠᠬᠤ ᠡᠯ᠎ᠠ ᠲᠥᠯᠥᠭᠡᠯᠡᠭᠴᠢᠳ ᠤᠨ ᠠᠩᠭᠢ 11 ᠰᠠᠷ᠎ᠠ ᠶᠢᠨ 29 ᠤ ᠡᠳᠤᠷ ᠪᠤᠯᠳᠠᠯ᠎ᠠ ᠨᠢᠬᠡᠨᠳᠠ ᠨᠠᠷ᠎ᠠ ᠮᠡᠳᠡᠬᠦᠯᠬᠦ ᠠᠵᠢᠯ ᠢᠶᠠᠨ ᠲᠠᠭᠤᠰᠬᠠᠨ ᠤᠷᠤᠯᠳᠤᠭᠠᠨ ᠳᠤ ᠤᠷᠤᠯᠴᠠᠬᠤ ᠪᠠᠷ ᠰᠤᠷᠢᠭ᠎ᠠ ᠪᠤᠯᠪᠠᠰᠤᠷᠠᠯ ᠢᠶᠠᠨ ᠴᠢᠩᠭᠠᠳᠬᠠᠵᠥ ᠪᠤᠢ᠃ ᠲᠤᠰ ᠤᠳᠠᠭ᠎ᠠ ᠶᠢᠨ ᠤᠷᠤᠯᠳᠤᠭᠠᠨ 2019 ᠤᠨ ᠤ 12 ᠰᠠᠷ᠎ᠠ ᠶᠢᠨ 21 ᠤ ᠡᠳᠤᠷ ᠠᠴᠠ 2020 ᠤᠨ ᠤ 2 ᠰᠠᠷ᠎ᠠ ᠶᠢᠨ 20 ᠤ ᠡᠳᠤᠷ ᠪᠤᠯᠳᠠᠯ᠎ᠠ ᠬᠥᠯᠥᠨ ᠪᠤᠶᠢᠷ ᠬᠤᠳᠠ ᠳᠤ ᠶᠠᠪᠤᠬᠳᠠᠬᠤ ᠪᠤᠯᠤᠨ᠎ᠠ᠃   ᠤᠷᠤᠯᠳᠤᠭᠠᠨ ᠳᠤ ᠴᠠᠰᠤᠨ ᠲᠡᠭᠡᠷᠡᠬᠢ ᠬᠥᠯ ᠪᠥᠮᠪᠦᠭᠡ ᠶᠢᠨ ᠡᠷᠡᠭᠳᠠᠢ ᠡᠮᠡᠭᠳᠠᠢ ᠶᠢᠨ ᠬᠥᠭᠡ ᠲᠡᠰ ᠤᠨ ᠲᠤᠭᠤᠢᠢᠯᠠᠩ᠂ ᠴᠠᠰᠤᠨ ᠲᠡᠭᠡᠷᠡᠬᠢ ᠬᠥᠯ ᠪᠥᠮᠪᠦᠭᠡ ᠶᠢᠨ ᠡᠷᠡᠭᠳᠠᠢ ᠡᠮᠡᠭᠳᠠᠢ ᠶᠢᠨ ᠬᠥᠭᠡᠭᠴᠢᠨ ᠲᠡᠰ ᠤᠨ ᠲᠤᠭᠤᠢᠢᠯᠠᠩ ᠵᠡᠷᠭᠡ 6 ᠠᠳᠠᠯᠢ ᠪᠤᠰᠤ ᠲᠤᠭᠤᠢᠢᠯᠠᠩ ᠤᠨ ᠤᠷᠤᠯᠳᠤᠭᠠᠨ ᠶᠠᠪᠤᠬᠳᠠᠵᠥ᠂ ᠡᠯ᠎ᠠ ᠲᠤᠭᠤᠢᠢᠯᠠᠩ ᠤᠨ ᠪᠡᠯᠡᠳᠭᠡᠯ ᠤᠷᠤᠯᠳᠤᠭᠠᠨ ᠤ ᠡᠮᠥᠨ᠎ᠠ 7 ᠨᠡᠷᠡᠰ ᠲᠤ ᠲᠤᠳᠤᠷᠠᠬᠰᠠᠨ ᠲᠥᠯᠥᠭᠡᠯᠡᠭᠴᠢᠳ ᠤᠨ ᠠᠩᠭᠢ ᠡᠵᠡᠨ ᠲᠠᠯᠠᠪᠠᠢ ᠶᠢᠨ ᠥᠪᠥᠷ ᠮᠤᠩᠭᠤᠯ ᠤᠨ ᠲᠥᠯᠥᠭᠡᠯᠡᠭᠴᠢᠳ ᠤᠨ ᠠᠩᠭᠢ ᠲᠠᠢ ᠬᠠᠮᠳᠤ ᠰᠢᠢᠳᠪᠤᠷᠢᠳᠤ ᠤᠷᠤᠯᠳᠤᠭᠠᠨ ᠶᠠᠪᠤᠭᠤᠯᠬᠤ ᠪᠤᠯᠤᠨ᠎ᠠ᠃(ᠪᠤᠤ ᠦᠷᠭᠡᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ