ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠪᠡᠯᠡᠳᠭᠡᠯ ᠺᠤᠮᠢᠰ ᠠᠴᠠ ᠥᠢᠯᠠᠭᠠᠬᠰᠠᠨ ᠢᠶᠠᠷ᠂ ᠲᠠᠮᠢᠷ ᠤᠨ ᠴᠤᠬᠯᠠᠭᠠᠨ ᠤ ᠪᠢᠯᠧᠲ ᠤᠨ ᠠᠵᠢᠯ ᠶᠠᠭ ᠪᠠᠴᠢᠮ ᠶᠠᠭᠠᠷᠠᠯᠲᠠᠶ ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠶᠢᠨ ᠶᠠᠮᠤᠨ ᠪᠢᠯᠧᠲ ᠤᠨ ᠠᠵᠢᠯ ᠢ ᠠᠬᠢᠭᠤᠯᠬᠤ ᠶᠠᠪᠤᠴᠠ ᠳᠤ ᠵᠠᠬ᠎ᠠ ᠳᠡᠯᠭᠡᠭᠦᠷ ᠤᠨ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠵᠦ᠂ ᠠᠭᠤᠵᠢᠮ ᠲᠠᠯᠪᠢᠭᠤ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠨᠥᠬᠦᠴᠡᠯ ᠢ ᠬᠠᠩᠭᠠᠵᠤ᠂ ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠤ ᠪᠢᠯᠧᠲ ᠤᠨ ᠦᠨ᠎ᠡ ᠶᠢ ᠲᠣᠭᠲᠠᠭᠠᠬᠤ ᠨᠥᠯᠥᠭᠡᠯᠡᠬᠦ ᠬᠦᠴᠦᠨ ᠵᠦᠶ᠋ᠯ ᠪᠠ ᠵᠠᠬ᠎ᠠ ᠳᠡᠯᠭᠡᠭᠦᠷ ᠤᠨ ᠬᠡᠷᠡᠭᠴᠡᠭᠡᠨ ᠤ ᠪᠠᠶᠢᠳᠠᠯ ᠢ ᠦᠨᠳᠦᠰᠦᠯᠡᠨ ᠵᠦᠶ ᠵᠣᠬᠢᠰᠲᠠᠶ ᠦᠨ᠎ᠡ ᠲᠣᠭᠲᠠᠭᠠᠬᠤ ᠠᠷᠭ᠎ᠠ ᠪᠣᠳᠣᠯᠭ᠎ᠠ ᠪᠠ ᠡᠵᠡᠩᠨᠡᠨ ᠪᠣᠷᠣᠯᠠᠭᠤᠯᠬᠤ ᠠᠷᠭ᠎ᠠ ᠪᠣᠳᠣᠯᠭ᠎ᠠ ᠶᠢ ᠰᠣᠩᠭᠤᠨ᠂ ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠤ ᠪᠢᠯᠧᠲ ᠤᠨ ᠵᠠᠬ᠎ᠠ ᠳᠡᠯᠭᠡᠭᠦᠷ ᠤᠨ ᠴᠢᠨᠠᠷ ᠰᠠᠶᠢᠳᠠᠢ ᠪᠥᠭᠡᠳ ᠡᠷᠡᠭᠦᠯ ᠬᠦ᠋ᠭᠵᠢᠯᠳᠠ ᠶᠢ ᠠᠬᠢᠭᠤᠯᠵᠥ ᠪᠤᠢ᠃ 

ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠭᠡᠯ ᠺᠤᠮᠢᠰ ᠪᠠ  ᠬᠦᠢᠴᠡᠳᠬᠡᠬᠦ ᠺᠣᠮᠢᠰ ᠤᠨ ᠠᠵᠢᠯ ᠤᠨ ᠵᠢᠭᠠᠪᠤᠷᠢ ᠶᠣᠰᠣᠭᠠᠷ᠂ ᠡᠯ᠎ᠠ ᠬᠤᠯᠪᠤᠬᠳᠠᠯ ᠪᠥᠬᠦᠢ ᠰᠠᠯᠠᠭ᠎ᠠ ᠮᠥᠴᠢᠷ ᠨᠠᠷᠢᠨ ᠬᠢᠨᠠᠮᠠᠭᠠᠶ ᠪᠠᠶᠢᠴᠠᠭᠠᠨ ᠰᠤᠳᠤᠯᠤᠯᠲᠠ ᠬᠢᠭᠰᠡᠨ ᠤ ᠰᠠᠭᠤᠷᠢᠨ ᠲᠡᠭᠡᠷ᠎ᠠ᠂ ᠪᠡᠭᠡᠵᠢᠩ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠨᠠᠨᠵᠢᠩ ᠬᠤᠳᠠ ᠶᠢᠨ ᠵᠠᠯᠠᠭᠤᠴᠤᠳ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠯᠢᠶᠣᠤᠨᠢᠩ ᠮᠤᠵᠢ ᠶᠢᠨ ᠪᠥᠬᠦ ᠤᠯᠤᠰ ᠤᠨ ᠲᠠᠮᠢᠷ ᠤᠨ ᠴᠤᠭᠯᠠᠭᠠᠨ ᠵᠡᠷᠭᠡ ᠲᠣᠮᠣ ᠬᠡᠯᠪᠡᠷᠢ ᠶᠢᠨ ᠲᠠᠮᠢᠷ ᠤᠨ ᠴᠤᠭᠯᠠᠭᠠᠨ ᠤ ᠪᠢᠯᠧᠲ ᠤᠨ ᠠᠵᠢᠯ ᠤᠨ ᠲᠤᠷᠰᠢᠯᠭ᠎ᠠ ᠪᠠᠷ ᠯᠠᠪᠯᠠᠯᠲᠠ ᠪᠣᠯᠭᠠᠨ᠂ 《ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠢᠯᠧᠲ ᠤᠨ ᠠᠵᠢᠯ ᠤᠨ ᠲᠥᠰᠦᠯ》 ᠢ ᠲᠣᠭᠲᠠᠭᠠᠵᠤ᠂ ᠡᠵᠡᠩᠨᠡᠨ ᠪᠣᠷᠣᠯᠠᠭᠤᠯᠬᠤ ᠳᠤ ᠵᠠᠬ᠎ᠠ ᠳᠡᠯᠭᠡᠭᠦᠷᠴᠢᠯᠡᠬᠦ ᠠᠷᠭ᠎ᠠ ᠶᠢ ᠬᠡᠷᠡᠭᠯᠡᠨ᠂ ᠪᠦᠯᠬᠦᠮ ᠨᠢᠬᠡᠴᠢ ᠪᠠᠷ ᠵᠠᠬᠢᠶᠠᠯᠠᠬᠤ ᠪᠠ ᠰᠤᠯᠠ ᠪᠠᠷ ᠬᠤᠳᠠᠯᠳᠤᠬᠤ ᠶᠢ ᠤᠶᠠᠯᠳᠤᠭᠤᠯᠬᠤ ᠵᠢᠴᠢ ᠨᠡᠶᠢᠭᠡᠮ ᠤᠨ ᠲᠤᠰᠠᠯᠠᠮᠵᠢ ᠪᠣᠯᠤᠨ ᠪᠢᠯᠧᠲ ᠤᠨ ᠡᠵᠡᠩᠨᠡᠨ ᠪᠣᠷᠣᠯᠠᠭᠤᠯᠬᠤ ᠶᠢ ᠬᠠᠷᠢᠯᠴᠠᠨ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠰᠣᠶᠣᠯ ᠪᠡᠶ᠎ᠡ ᠶᠢᠨ ᠲᠠᠮᠢᠷ ᠤᠨ ᠦᠷ᠎ᠡ ᠪᠦᠲᠦᠭᠡᠯ ᠢ ᠤᠯᠠᠨ ᠲᠥᠮᠠᠨ ᠳᠤ ᠡᠳ᠋ᠯᠡᠬᠦᠯᠬᠦ ᠪᠤᠯᠤᠨ᠎ᠠ᠃

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ