de58f634-6606-4efa-b0d2-45cf19d01598.jpg

3 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠠᠭᠠᠨ  ᠵᠠᠭᠠᠯᠮᠠᠶᠢᠳᠠᠨ ᠤ ᠨᠡᠶᠢᠭᠡᠮᠯᠢᠭ ᠤᠨ ᠠᠭᠠᠷ ᠮᠠᠨᠳᠠᠯ ᠤᠨ ᠬᠡᠪ ᠤᠨ ᠲᠠᠷᠤᠯᠳᠠ ᠠᠴᠠ ᠲᠤᠤᠷ᠎ᠠ ᠲᠠᠷᠤᠯᠳᠠ ᠪᠦᠬᠦᠢ ᠲᠦᠷᠭᠡᠨ ᠠᠪᠤᠷᠠᠯᠳᠠ ᠶᠢᠨ ᠲᠡᠷᠭᠡ ᠬᠠᠨᠳᠢᠪᠯᠠᠬᠤ ᠠᠵᠢᠯᠯᠠᠭ᠎ᠠ ᠬᠥᠬᠡᠬᠤᠲᠠ ᠳᠤ ᠶᠠᠪᠤᠭᠳᠠᠪᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠳᠠ ᠶᠢᠨ ᠲᠦᠪ ᠠᠴᠠ ᠠᠭᠠᠷ ᠮᠠᠨᠳᠠᠯ ᠤᠨ ᠬᠡᠪ ᠤᠨ ᠲᠠᠷᠤᠯᠳᠠ ᠠᠴᠠ ᠲᠤᠤᠷ᠎ᠠ ᠲᠠᠷᠤᠯᠳᠠ ᠪᠦᠬᠦᠢ ᠲᠦᠷᠭᠡᠨ ᠠᠪᠤᠷᠠᠯᠳᠠ ᠶᠢᠨ ᠲᠡᠷᠭᠡ᠂ ᠲᠦᠷᠭᠡᠨ ᠠᠪᠤᠷᠠᠯᠲᠠ ᠶᠢᠨ ᠲᠦᠭᠦᠭᠡᠷᠦᠮᠵᠢ ᠶᠢ ᠬᠤᠳᠠᠯᠳᠤᠨ ᠠᠪᠬᠤ ᠳᠤ  ᠲᠤᠰᠠᠯᠠᠮᠵᠢ ᠪᠤᠯᠭᠠᠵᠦ᠂ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠲᠤ 40 ᠲᠦᠮᠡᠨ ᠲᠥᠭᠦᠷᠢᠭ    ᠬᠠᠨᠳᠢᠪᠯᠠᠵᠠᠢ᠃

 ᠬᠠᠨᠳᠢᠪ ᠤᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠤᠪᠴᠢᠶᠠᠨ ᠳᠠᠷᠤᠭ᠎ᠠ ᠲᠠᠨ ᠵᠢᠩ ᠹᠧᠩ ᠪᠤᠯᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠸᠠᠩ ᠹᠠᠩ ᠲᠠᠢ ᠲᠦᠭᠦᠮ ᠲᠦᠳᠡ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠶᠠᠪᠤᠭᠤᠯᠪᠠ᠃ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠠᠴᠠ ᠮᠦᠩᠭᠦ ᠬᠠᠨᠳᠢᠪᠯᠠᠵᠤ ᠬᠤᠳᠠᠯᠳᠤᠨ ᠠᠪᠤᠭᠰᠠᠨ ᠲᠦᠭᠦᠭᠡᠷᠦᠮᠵᠢ ᠶᠢ ᠬᠦᠯᠢᠶᠡᠨ ᠠᠪᠬᠤ ᠡᠮᠨᠡᠯᠭᠡ ᠶᠢᠨ ᠬᠤᠷᠢᠶᠠᠨ ᠳᠤ ᠲᠤᠰᠢᠶᠠᠵᠦ᠂ ᠮᠠᠨ ᠤ ᠣᠷᠣᠨ ᠤ ᠬᠢᠵᠢᠭ ᠢ ᠡᠰᠡᠷᠭᠦᠴᠡᠬᠦ  ᠠᠵᠢᠯ  ᠡᠷᠳᠡ ᠨᠢᠭᠡ ᠡᠳᠦᠷ ᠢᠯᠠᠯᠲᠠ ᠣᠯᠬᠤ ᠳᠤ ᠬᠦᠴᠦᠨ ᠨᠡᠮᠡᠷᠢᠯᠡᠪᠡ᠃

bfc00178-2d13-4ee8-9231-bd12746e904f.jpg


ᠢᠷᠡᠯᠳᠡ : 

ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ