ᠪᠡᠭᠡᠵᠢᠩ ᠤᠨ ᠴᠠᠭ ᠢᠶᠠᠷ 17 ᠤ ᠡᠳᠦᠷ᠂ ᠣᠯᠠᠨ ᠤᠯᠤᠰ ᠤᠨ ᠣᠯᠢᠮᠫᠢᠺ ᠤᠨ ᠵᠥᠪᠯᠡᠯ ᠪᠣᠯᠤᠨ  ᠵᠤᠨ ‍ᠤ‌ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ  ᠴᠤᠭᠯᠠᠭᠠᠨ ᠤ  ᠲᠥᠷᠥᠯ ᠵᠦᠢᠯ ᠤᠨ ᠣᠯᠠᠨ  ᠤᠯᠤᠰ ᠤᠨ  ᠪᠡᠶ᠎ᠡ ᠵᠢᠨ‌‍ᠲ᠋ᠠᠮᠢᠷ ᠤᠨ ᠬᠤᠯᠪᠣᠭᠠᠲᠤ ᠬᠤᠷᠠᠯ ᠠᠴᠠ ᠲᠧᠯᠧᠢᠰ ᠤᠳᠠᠰᠤᠳᠤ ᠬᠤᠷᠠᠯ  ᠬᠤᠷᠠᠯᠳᠤᠭᠤᠯᠤᠭᠰᠠᠨ  ᠪᠥᠭᠡᠳ  ᠬᠤᠷᠠᠯ ᠤᠨ  ᠳᠠᠷᠠᠭ᠎ᠠ 2020 ᠣᠨ ᠤ ᠲᠣᠣᠺᠢᠣ᠋ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠬᠠᠢ ᠠᠯᠪᠠᠨ ᠮᠡᠳᠡᠭᠡ  ᠨᠡᠶᠢᠳᠡᠯᠡᠵᠦ᠂ᠲᠣᠣᠺᠢᠣ᠋ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠣᠨ ᠲᠤᠭ᠎ᠠ ᠬᠤᠪᠢᠶᠠᠷᠢᠯᠠᠬᠤ  ᠵᠠᠷᠴᠢᠮ ᠢ  ᠨᠡᠶᠢᠲᠡᠯᠡᠭᠰᠡᠨ‌‍ᠪᠥ᠋ᠭᠡᠳ ᠲᠠᠮᠢᠷᠴᠢᠳ ᠤᠨ ᠦᠷᠭᠦᠯᠵᠢᠯᠡᠨ ᠤᠷᠤᠯᠳᠤᠭᠠᠨ ᠳᠤ ᠪᠡᠯᠡᠳᠬᠡᠬᠦ ᠶᠢ ᠵᠣᠷᠢᠭᠵᠢᠭᠤᠯᠪᠠ᠃

ᠣᠯᠠᠨ ᠤᠯᠤᠰ ᠤᠨ ᠣᠯᠢᠮᠫᠢᠺ ᠤᠨ ᠵᠥᠪᠯᠡᠯ ᠤᠨ ᠬᠢᠨ ᠲᠠᠨᠢᠯᠴᠠᠭᠤᠯᠬᠤ ᠳᠠᠭᠠᠨ᠂ ᠬᠢᠵᠢᠭ ᠤᠨ ᠨᠥᠯᠥᠭᠡ ᠪᠠᠷ᠂ ᠮᠠᠰᠢ‌ᠣᠯᠠᠨ ᠤᠷᠤᠯᠳᠤᠭᠠᠨ ᠤ ᠲᠦᠷᠦᠯ ᠵᠦᠢᠯ ᠤᠨ  ᠣᠯᠢᠮᠫᠢᠺ ᠤᠨ  ᠪᠡᠶ᠎ᠡ ᠶᠢᠨ  ᠲᠠᠮᠢᠷ ᠤᠨ  ᠴᠤᠭᠯᠠᠭᠠᠨ ᠤ ᠬᠢᠷᠢ ᠬᠡᠮ ᠤᠯᠬᠤ‌ ᠤᠷᠤᠯᠳᠤᠭᠠᠨ ᠢ ᠲᠣᠭᠲᠠᠭᠰᠠᠨ ᠬᠤᠭᠤᠴᠠᠭᠠᠨ ᠳᠤ ᠶᠠᠪᠤᠭᠳᠠᠭᠤᠯᠬᠤ ᠶᠢᠨ ᠠᠷᠭ᠎ᠠ ᠦᠭᠡᠢ  ᠪᠤᠯᠤᠬᠰᠠᠨ  ᠪᠦᠭᠡᠳ ᠪᠠᠰᠠ ᠮᠠᠰᠢ‌ ᠣᠯᠠᠨ ᠲᠠᠮᠢᠷᠴᠢᠨ ᠤᠷᠤᠯᠳᠤᠭᠠᠨ ᠳᠤ ᠣᠷᠣᠯᠴᠠᠬᠤ ᠪᠠᠷ  ᠤᠴᠢᠬᠤ  ᠠᠷᠭ᠎ᠠ  ᠦᠭᠡᠢ ᠪᠤᠯᠵᠠᠢ᠃ ᠤᠳᠤᠬᠠᠨ ᠪᠤᠯᠳᠠᠯ᠎ᠠ᠂ᠲᠣᠣᠺᠢᠣ᠋ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ 57% ᠶᠢᠨ ᠤᠷᠤᠯᠳᠤᠭᠠᠨ ᠳᠤ  ᠣᠷᠣᠯᠴᠠᠬᠤ ᠣᠷᠣᠨ‌‍ ᠲ᠋ᠤᠭ᠎ᠠ ᠨᠢ ᠨᠢᠭᠡᠨᠲᠡ ᠪᠣᠶ ᠪᠣᠯᠵᠣ᠂ 43% ᠶᠢᠨ ᠦᠯᠡᠳᠡᠭᠰᠡᠨ ᠤᠷᠤᠯᠳᠤᠭᠠᠨ ᠳᠤ ᠣᠷᠣᠯᠴᠠᠬᠤ ᠣᠷᠣᠨ ᠲᠤᠭ᠎ᠠ ᠶᠢ  ᠣᠯᠠᠨ‌ᠤᠯᠤᠰ ᠤᠨ ᠣᠯᠢᠮᠫᠢᠺ ᠤᠨ ᠵᠥᠪᠯᠡᠯ ᠠᠴᠠ  ᠣᠯᠠᠨ  ᠤᠯᠤᠰ ᠤᠨ  ᠲᠠᠩ ᠲᠦᠷᠦᠯ ᠤᠨ  ᠪᠡᠶ᠎ᠡ ᠶᠢᠨ ᠲᠠᠮᠢᠷ ᠤᠨ  ᠵᠣᠬᠢᠶᠠᠨ‌‍ ᠪᠠᠶᠢᠭᠤᠯᠤᠯᠲᠠ ᠨᠤᠭᠤᠳ ᠲᠠᠢ  ᠬᠠᠮᠲᠤᠷᠠᠯᠴᠠᠵᠤ᠂  ᠲᠣᠰ  ᠲᠣᠰ ᠤᠨ  ᠲᠥᠷᠥᠯ  ᠵᠦᠢᠯ ᠤᠨ ᠣᠷᠣᠨ ᠲᠤᠭ᠎ᠠ ᠵᠢᠨ‌ᠬᠤᠪᠢᠶᠠᠷᠢᠯᠠᠯᠲᠠ ᠳᠤ ᠶᠠᠮᠠᠷᠪᠠ ᠴᠢᠬᠤᠯᠠ ᠪᠥᠬᠦᠶ ᠪᠥᠭᠡᠳ ᠦᠨᠡᠨ ᠬᠦ  ᠶᠠᠪᠤᠬᠳᠠᠭᠤᠰᠢᠳᠠᠢ  ᠲᠣᠬᠢᠷᠠᠭᠤᠯᠤᠯᠲᠠ  ᠬᠢᠬᠦ  ᠪᠣᠯᠤᠨ᠎ᠠ‌‍ ᠬᠡᠪᠡ᠃

ᠣᠯᠠᠨ ᠤᠯᠤᠰ ᠤᠨ ᠣᠯᠢᠮᠫᠢᠺ ᠤᠨ ᠵᠥᠪᠯᠡᠯ ᠤᠨ ᠬᠢᠨ  ᠢᠯᠡᠷᠭᠡᠶᠢᠯᠡᠭᠦ ᠳᠡᠭᠡᠨ᠂  ᠲᠣᠣᠺᠢᠣ᠋ ᠶᠢᠨ ᠣᠯᠢᠮᠫᠢᠺ ‍ᠤᠨ‌‍ᠪᠡᠶ᠎ᠠ ᠶᠢᠨ ᠲᠠᠮᠢᠷ ᠤᠨ ᠴᠤᠭᠯᠠᠭᠠᠨ ᠤ ᠤᠷᠤᠨ ᠲᠤᠭ᠎ᠠ ᠣᠯᠤᠭᠰᠠᠨ ᠪᠣᠢ ᠪᠦᠬᠦᠢ ᠲᠠᠮᠢᠷᠴᠢᠨ ᠪᠤᠶᠤ ᠤᠯᠤᠰ᠂ ᠭᠠᠵᠠᠷ  ᠣᠷᠣᠨ ‍ᠤ‌ᠣᠯᠢᠮᠫᠢᠺ ᠤᠨ ᠵᠥᠪᠯᠡᠯ ᠤᠨ ᠤᠷᠤᠯᠳᠤᠭᠠᠨ ᠳᠤ ᠣᠷᠣᠯᠴᠠᠬᠤ ᠣᠷᠣᠨ ᠲᠤᠭ᠎ᠠ ᠶᠢ ᠦᠷᠭᠦᠯᠵᠢᠯᠡᠨ ᠪᠠᠳᠤᠯᠠᠨ᠎ᠠ᠃ ᠬᠡᠷᠪᠡ  ᠶᠠᠮᠠᠷ‌ᠨᠢᠭᠡᠨ ᠲᠥᠷᠥᠯ ᠵᠦᠢᠯ ᠤᠨ ᠣᠳᠣ ᠶᠠᠭ ᠶᠠᠪᠤᠭᠳᠠᠵᠤ ᠪᠠᠶᠢᠭ᠎ᠠ ᠪᠤᠶᠤ ᠶᠠᠪᠤᠭᠳᠠᠭᠤᠯᠬᠤ ᠪᠠᠷ ᠲᠦᠯᠦᠪᠯᠡᠵᠦ  ᠪᠠᠶᠢᠭ᠎ᠠ  ᠬᠢᠷᠢ  ᠬᠡᠮ‌ ᠤᠯᠬᠤ ᠤᠷᠤᠯᠳᠤᠭᠠᠨ ᠨᠢ ᠤᠷᠤᠯᠳᠤᠬᠤ  ᠦᠶ᠎ᠡ ᠳᠤ  ᠲᠠᠮᠢᠷᠴᠢᠨ  ᠪᠤᠶᠤ  ᠲᠠᠮᠢᠷᠴᠢᠳ ᠤᠨ  ᠠᠩᠭᠢ ᠶᠢᠨ  ᠤᠷᠤᠯᠳᠤᠭᠠᠨ ᠳ᠋ᠤ᠋‌ᠭᠤᠣᠯᠴᠢ ᠪᠠᠷ ᠣᠷᠣᠯᠴᠠᠬᠤ ᠶᠢ ᠪᠠᠲᠤᠯᠠᠵᠤ ᠴᠢᠳᠠᠪᠠᠯ᠂  ᠲᠤᠰ  ᠲᠥᠷᠥᠯ  ᠵᠦᠢᠯ ᠤᠨ ᠬᠢᠷᠢ ᠬᠡᠮ ᠤᠯᠬᠤ  ᠤᠷᠤᠯᠳᠤᠭᠠᠨ ᠢ‌ᠦᠷᠭᠦᠯᠵᠢᠯᠡᠨ ᠶᠠᠪᠤᠭᠳᠠᠭᠤᠯᠬᠤ ᠪᠤᠯᠤᠮᠵᠢ ᠲᠠᠢ ᠬᠡᠪᠡ᠃

ᠢᠷᠡᠯᠳᠡ : 

 ᠠᠷᠠᠳ ᠤᠨ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ