1f2f165b-b174-4f08-af6a-6b0aae237a28.png

ᠲᠤᠬᠠᠢ ᠶᠢᠨ ᠭᠠᠵᠠᠷ ᠤᠨ ᠴᠠᠭ ᠢᠶᠠᠷ 22 ᠤᠨ ᠡᠳᠦᠷ ᠺᠠᠨᠠᠳᠠ ᠶᠢᠨ ᠤᠯᠢᠮᠫᠢᠺ ᠤᠨ ᠺᠣᠮᠢᠰ ᠪᠣᠯᠣᠨ ᠵᠡᠮᠳᠡᠭᠴᠦᠳ ᠤᠨ ᠤᠯᠢᠮᠫᠢᠺ ᠤᠨ ᠺᠣᠮᠢᠰ ᠢᠯᠡᠷᠬᠡᠶᠢᠯᠡᠯᠲᠡ ᠨᠡᠶᠢᠲᠡᠯᠡᠵᠦ᠂ ᠡᠨᠡ ᠵᠢᠯ ᠤᠨ ᠵᠤᠨ ᠪᠣᠯᠬᠤ 2020 ᠣᠨ ᠤ ᠲᠤᠤᠺᠢᠣ᠋ ᠶᠢᠨ ᠤᠯᠢᠮᠫᠢᠺ ᠤᠨ ᠴᠤᠭᠯᠠᠭᠠᠨ ᠳᠤ ᠺᠠᠨᠠᠳᠠ ᠶᠢᠨ ᠬᠢᠨ ᠣᠷᠣᠯᠴᠠᠬᠤ ᠦᠭᠡᠢ ᠭᠡᠵᠡᠢ᠃

23 ᠤ ᠡᠳᠦᠷ ᠠᠦ᠋ᠰᠲᠷᠠᠯᠢᠶ᠎ᠠ ᠶᠢᠨ ᠤᠯᠢᠮᠫᠢᠺ ᠤᠨ ᠺᠣᠮᠢᠰ ᠢᠯᠡᠷᠬᠡᠶᠢᠯᠡᠯᠲᠡ ᠨᠡᠶᠢᠲᠡᠯᠡᠵᠦ ᠲᠡᠮᠳᠡᠭᠯᠡᠬᠦ ᠳᠡᠭᠡᠨ᠂ ᠤᠯᠤᠰ ᠤᠨ ᠳᠣᠲᠣᠭᠠᠳᠤ ᠭᠠᠳᠠᠭᠠᠳᠤ ᠳᠤ ᠬᠢᠵᠢᠭ ᠳᠡᠯᠭᠡᠷᠡᠭᠰᠡᠨ ᠪᠠᠶᠢᠳᠠᠯ ᠠᠴᠠ ᠰᠢᠯᠲᠠᠭᠠᠯᠠᠵᠤ᠂ ᠠᠦ᠋ᠰᠲᠷᠠᠯᠢᠶ᠎ᠠ ᠶᠢᠨ ᠪᠠᠭ ᠲᠠᠮᠢᠷᠴᠢᠳ ᠢᠶᠠᠨ ᠴᠤᠭᠯᠠᠭᠤᠯᠵᠤ ᠳᠡᠶᠢᠯᠬᠦ ᠦᠭᠡᠢ ᠪᠠᠶᠢᠨ᠎ᠠ᠃ ᠠᠦ᠋ᠰᠲᠷᠠᠯᠢᠶ᠎ᠠ ᠶᠢᠨ ᠪᠠᠭ 2021 ᠣᠨ ᠳᠤ ᠬᠢᠬᠦ ᠤᠷᠤᠯᠳᠤᠭᠠᠨ ᠳᠤ ᠪᠡᠯᠡᠳᠬᠡᠯ ᠬᠢᠬᠦ ᠪᠣᠯᠣᠨ᠎ᠠ ᠭᠡᠵᠡᠢ᠃

ᠠᠦ᠋ᠰᠲᠷᠠᠯᠢᠶ᠎ᠠ ᠶᠢᠨ ᠶᠡᠷᠦᠩᠬᠡᠢ ᠰᠠᠶᠢᠳ ᠰᠺᠣᠲ᠂ ᠮᠣᠷᠢᠰᠣᠨ ᠣᠶᠢᠷ᠎ᠠ ᠳᠤ ᠰᠢᠳ᠋ᠨᠢ ᠶᠢᠨ ᠷᠠᠳᠢᠣ᠋ ᠬᠤᠷᠢᠶᠠᠨ ᠤ ᠰᠤᠷᠪᠤᠯᠵᠢᠯᠠᠭ᠎ᠠ ᠶᠢ ᠬᠦᠯᠢᠶᠡᠬᠦ ᠦᠶ᠎ᠡ ᠢᠯᠡᠷᠬᠡᠶᠢᠯᠡᠬᠦ ᠳᠡᠭᠡᠨ᠂ ᠬᠢᠵᠢᠭ ᠢ ᠬᠤᠷᠢᠭᠯᠠᠨ ᠳᠠᠷᠤᠵᠤ ᠳᠡᠶᠢᠯᠬᠦ ᠦᠭᠡᠢ ᠪᠠᠶᠢᠳᠠᠯ ᠳᠤ ᠬᠡᠷᠪᠡ ᠤᠯᠢᠮᠫᠢᠺ ᠤᠨ ᠴᠤᠭᠯᠠᠭᠠᠨ ᠢ ᠲᠣᠭᠲᠠᠭᠰᠠᠨ ᠬᠤᠭᠤᠴᠠᠭᠠᠨ ᠳᠤ ᠬᠢᠪᠡᠯ᠂ ᠠᠦ᠋ᠰᠲᠷᠠᠯᠢᠶ᠎ᠠ ᠶᠢᠨ ᠲᠠᠮᠢᠷᠴᠢᠳ ᠲᠤᠤᠺᠢᠣ᠋ ᠳᠤ ᠣᠴᠢᠵᠤ ᠤᠷᠤᠯᠳᠤᠭᠠᠨ ᠳᠤ ᠣᠷᠣᠯᠴᠠᠵᠤ ᠳᠡᠶᠢᠯᠬᠦ ᠦᠭᠡᠢ ᠶᠤᠮ ᠭᠡᠵᠡᠢ᠃ ᠲᠡᠷᠡ ᠪᠠᠰᠠ ᠢᠯᠡᠷᠬᠡᠶᠢᠯᠡᠬᠦ ᠳᠡᠭᠡᠨ᠂ ᠪᠢᠳᠠ ᠣᠳᠣ ᠳᠡᠯᠡᠬᠡᠢ ᠶᠢᠨ ᠡᠯ᠎ᠡ ᠣᠷᠣᠨ ᠳᠤ ᠣᠴᠢᠬᠤ ᠠᠭᠠᠷ ᠠᠶᠠᠯᠠᠯ ᠢ ᠵᠣᠭᠰᠣᠭᠠᠭᠠᠳ ᠪᠠᠶᠢᠨ᠎ᠠ᠂ ᠭᠠᠳᠠᠭᠠᠳᠤ ᠶᠠᠪᠤᠳᠠᠯ ᠤᠨ ᠶᠠᠮᠤᠨ ᠪᠣᠯᠣᠨ ᠠᠷᠠᠯᠵᠢᠶᠠᠨ ᠤ ᠶᠠᠮᠤᠨ ᠤ ᠳᠡᠪᠰᠢᠭᠦᠯᠦᠭᠰᠡᠨ ᠰᠠᠨᠠᠯ ᠪᠣᠯ ᠲᠤᠩ ᠲᠣᠳᠣᠷᠬᠠᠢ ᠶᠤᠮ᠂ ᠣᠳᠣ ᠠᠦ᠋ᠰᠲᠷᠠᠯᠢᠶ᠎ᠠ ᠶᠢᠨ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠪᠣᠯ ᠬᠠᠮᠤᠭ ᠤᠨ ᠴᠢᠬᠤᠯᠠ ᠠᠵᠢᠯ᠂ ᠣᠳᠣᠬᠠᠨ ᠳᠤ ᠡᠭᠦᠨ ᠠᠴᠠ ᠴᠢᠬᠤᠯᠠ ᠠᠵᠢᠯ ᠪᠠᠶᠢᠬᠤ ᠦᠭᠡᠢ ᠭᠡᠵᠡᠢ᠃ ᠬᠡᠷᠪᠡ ᠠᠦ᠋ᠰᠲᠷᠠᠯᠢᠶ᠎ᠠ ᠶᠢᠨ ᠪᠠᠭ ᠥᠨᠥ ᠵᠢᠯ ᠤᠨ ᠤᠯᠢᠮᠫᠢᠺ ᠤᠨ ᠴᠤᠭᠯᠠᠭᠠᠨ ᠳᠤ ᠣᠷᠣᠯᠴᠠᠬᠤ ᠦᠭᠡᠢ ᠪᠣᠯ᠂ ᠲᠤᠰ ᠤᠯᠤᠰ ᠤᠨ ᠲᠡᠦᠬᠡᠨ ᠳᠤ ᠠᠩᠬᠠᠳᠠᠭᠴᠢ ᠤᠳᠠᠭ᠎ᠠ ᠡᠶᠢᠮᠦ ᠶᠠᠪᠤᠳᠠᠯ ᠪᠣᠯᠵᠤ ᠪᠠᠶᠢᠭ᠎ᠠ ᠨᠢ ᠡᠨᠡ ᠶᠤᠮ᠃

ᠠᠮᠧᠷᠢᠺᠠ ᠶᠢᠨ ᠤᠯᠢᠮᠫᠢᠺ ᠤᠨ ᠺᠣᠮᠢᠰ ᠤᠨ ᠲᠡᠷᠢᠭᠦᠯᠡᠭᠴᠢ ᠷᠣᠪᠧᠷᠲᠰᠣᠨ ᠢᠯᠡᠷᠬᠡᠶᠢᠯᠡᠬᠦ ᠳᠡᠭᠡᠨ᠂ ᠣᠯᠠᠨ ᠤᠯᠤᠰ ᠤᠨ ᠤᠯᠢᠮᠫᠢᠺ ᠤᠨ ᠺᠣᠮᠢᠰ ᠡᠨᠡ ᠵᠢᠯ ᠤᠨ ᠤᠯᠢᠮᠫᠢᠺ ᠤᠨ ᠴᠤᠭᠯᠠᠭᠠᠨ ᠢ ᠬᠤᠶᠢᠰᠢᠯᠠᠭᠤᠯᠬᠤ ᠶᠢ ᠪᠣᠳᠣᠯᠬᠢᠯᠠᠵᠤ ᠪᠠᠶᠢᠭ᠎ᠠ ᠶᠢ ᠪᠢᠳᠠ ᠵᠥᠪᠰᠢᠶᠡᠷᠡᠵᠦ ᠪᠠᠶᠢᠨ᠎ᠠ᠂ ᠤᠯᠢᠮᠫᠢᠺ ᠤᠨ ᠴᠤᠭᠯᠠᠭᠠᠨ ᠲᠣᠭᠲᠠᠭᠰᠠᠨ ᠬᠤᠭᠤᠴᠠᠭᠠᠨ ᠳᠠᠭᠠᠨ ᠶᠠᠪᠤᠭᠳᠠᠬᠤ ᠨᠢ ᠨᠢᠭᠡᠨᠲᠡ ᠲᠣᠬᠢᠷᠠᠮᠵᠢ ᠦᠭᠡᠢ ᠪᠣᠯᠵᠠᠢ ᠭᠡᠵᠡᠢ᠃

ᠤᠤᠯ ᠨᠢ ᠤᠯᠢᠮᠫᠢᠺ ᠤᠨ ᠴᠤᠭᠯᠠᠭᠠᠨ ᠢ ᠲᠣᠭᠲᠠᠭᠰᠠᠨ ᠬᠤᠭᠤᠴᠠᠭᠠᠨ ᠳᠤ ᠬᠢᠬᠦ ᠪᠠᠷ ᠡᠷᠡᠰ ᠰᠢᠢᠳᠴᠦ ᠪᠠᠶᠢᠭᠰᠠᠨ ᠶᠠᠫᠤᠨ ᠤ ᠵᠠᠰᠠᠭ ᠤᠨ ᠣᠷᠳᠣᠨ ᠤ ᠣᠪᠣᠷ ᠵᠣᠭᠰᠣᠯᠲᠠ ᠳᠤ ᠮᠥᠨ ᠬᠤᠪᠢᠷᠠᠯᠲᠠ ᠭᠠᠷᠴᠤ ᠡᠬᠢᠯᠡᠵᠡᠢ᠃ ᠶᠠᠫᠤᠨ ᠤ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ︵NHK︶ ᠶᠢᠨ 23 ᠤ ᠡᠳᠦᠷ ᠤᠨ ᠮᠡᠳᠡᠭᠡᠯᠡᠭᠰᠡᠨ ᠢᠶᠠᠷ᠂ ᠶᠠᠫᠤᠨ ᠤ ᠲᠡᠷᠢᠭᠦᠨ ᠰᠠᠶᠢᠳ ᠠᠪᠸᠢ ᠰᠢᠨᠽᠣ᠋ ᠤᠯᠤᠰ ᠤᠨ ᠬᠤᠷᠠᠯ ᠤᠨ ᠳᠡᠭᠡᠳᠦ ᠵᠥᠪᠯᠡᠯ ᠤᠨ ᠲᠥᠰᠥᠪ ᠤᠨ ᠺᠣᠮᠢᠰ ᠤᠨ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ ᠬᠡᠷᠪᠡ ᠤᠯᠢᠮᠫᠢᠺ ᠤᠨ ᠴᠤᠭᠯᠠᠭᠠᠨ ᠢ ᠪᠦᠬᠦᠯᠢ ᠪᠦᠲᠦᠨ ᠢᠶᠠᠷ ᠬᠢᠵᠦ ᠳᠡᠶᠢᠯᠬᠦ ᠦᠭᠡᠢ ᠪᠣᠯ᠂ ᠠᠷᠭ᠎ᠠ ᠪᠤᠰᠤ ᠬᠤᠶᠢᠰᠢᠯᠠᠭᠤᠯᠵᠤ ᠮᠡᠳᠡᠨ᠎ᠡ ᠭᠡᠵᠡᠢ᠃

ᠢᠷᠡᠯᠳᠡ : 

ᠲᠤᠮᠳᠠᠳᠦ ᠤᠯᠤᠰ ᠤᠨ ᠮᠤᠩᠭᠤᠯ ᠷᠠᠳᠢᠤ᠋ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ