ᠣᠶᠢᠷ᠎ᠠ ᠳᠤ᠂ ᠾᠧᠪᠸᠢ ᠮᠤᠵᠢ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠳᠠᠳ ᠮᠠᠨ ᠤ ᠣᠷᠣᠨ ᠳᠤ ᠢᠷᠡᠵᠥ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠤ᠂ ᠠᠷᠪᠠᠨ ᠲᠠᠪᠤᠳᠤᠭᠠᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠳᠠᠳᠠᠢ ᠡᠷᠭᠢᠯᠡᠬᠦ ᠳᠤ ᠲᠤᠷᠰᠢᠯᠭ᠎ᠠ ᠪᠣᠯᠭᠠᠪᠠ᠃ 

ᠾᠧᠪᠸᠢ ᠮᠤᠵᠢ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠳᠠᠳ ᠪᠠᠶᠢᠴᠠᠭᠠᠨ ᠰᠤᠳᠤᠯᠬᠤ ᠲᠤᠮᠳᠠ ᠪᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠶᠠᠷᠢᠯᠴᠠᠬᠤ ᠬᠤᠷᠠᠯ ᠬᠢᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠲᠤᠬᠠᠢ ᠭᠦᠨᠵᠡᠭᠡᠶ ᠶᠡᠷᠢᠯᠴᠡᠪᠡ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠤᠯ ᠮᠠᠨ ᠤ ᠤᠯᠤᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠲᠥᠬᠡᠮᠡᠯᠵᠢᠬᠦᠯᠬᠦ ᠪᠠ ᠳᠡᠭᠡᠭᠰᠢᠯᠡᠭᠦᠯᠬᠦ ᠴᠢᠬᠤᠯᠠ ᠴᠠᠭ ᠥᠶ᠎ᠠ ᠳᠤ ᠶᠠᠪᠤᠬᠳᠠᠬᠤ ᠮᠠᠨ ᠤ ᠤᠯᠤᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠡᠮᠦᠨᠡᠰᠢ ᠳᠡᠯᠡᠨ ᠪᠠᠷᠠᠭᠤᠨᠰᠢ ᠬᠥᠨᠵᠡᠭᠡᠶᠢᠷᠡᠬᠦᠯᠵᠥ ᠵᠡᠭᠦᠨᠰᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠠᠬᠢᠭᠤᠯᠤᠭᠰᠠᠨ ᠨᠢᠭᠡ ᠤᠳᠠᠭᠠᠨ ᠤ ᠠᠮᠢᠳᠤᠯᠢᠭ ᠦᠶ᠋ᠯᠡᠳᠦᠯᠭᠡ ᠪᠣᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠨᠳᠥᠷ ᠪᠠᠷᠢᠮᠵᠢᠶ᠎ᠠ᠂ ᠥᠨᠳᠥᠷ ᠶᠠᠰᠤ ᠴᠢᠨᠠᠷ᠂ ᠥᠨᠳᠥᠷ ᠲᠦᠪᠰᠢᠨ ᠪᠥᠬᠦᠶ ᠱᠠᠭᠠᠷᠳᠠᠯᠭ᠎ᠠ ᠪᠠᠷ ᠢᠮᠠᠭᠲᠠ ᠲᠤᠭᠤᠰᠢᠯᠠᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠢᠨ᠎ᠡ ᠴᠠᠭ ᠦᠶ᠎ᠡ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠦᠭᠰᠡᠨ᠂ ᠭᠤᠶᠢᠳᠠ ᠰᠠᠶᠢᠬᠠᠨ ᠮᠠᠷᠲᠠᠭᠳᠠᠰᠢ ᠥᠬᠡᠶ ᠡᠪᠦᠯ ᠤᠨ ᠤᠯᠠᠷᠢᠯ ᠤᠨ ᠦᠪᠡᠳᠡᠭᠰᠢ ᠴᠤᠭᠯᠠᠭᠠᠨ ᠪᠣᠯᠭᠠᠨ ᠡᠷᠭᠢᠯᠡᠬᠦ ᠪᠠᠷ ᠴᠢᠷᠮᠠᠶᠢᠵᠥ ᠪᠤᠢ᠃ 

ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠵᠣ ᠬᠤᠶᠢᠰᠢᠯᠠᠭᠤᠯᠤᠨ ᠡᠷᠬᠢᠯᠡᠬᠦ ᠪᠤᠯᠤᠬᠰᠠᠨ ᠪᠣᠯᠪᠠᠴᠤ ᠡᠮᠦᠨᠡᠬᠢ ᠬᠤᠭᠤᠴᠠᠭᠠᠨ ᠤ ᠡᠯ᠎ᠡ ᠵᠦᠶ᠋ᠯ ᠤᠨ ᠪᠡᠯᠡᠳᠬᠡᠯ ᠠᠵᠢᠯ ᠢ ᠴᠥᠮ ᠨᠠᠶᠢᠳᠠᠪᠤᠷᠢᠵᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠡᠷᠭᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠣᠳᠣᠬᠠᠨ ᠳᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠷᠭᠢᠯᠡᠬᠦ ᠲᠥᠰᠦᠯ ᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠷᠭᠢᠯᠡᠬᠦ ᠪᠡᠯᠡᠳᠬᠡᠯ ᠠᠵᠢᠯ ᠶᠠᠭ ᠢᠳᠡᠪᠬᠢᠲᠡᠶ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ ᠬᠡᠵᠡᠢ᠃ 

ᠾᠧᠪᠸᠢ ᠮᠤᠵᠢ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠳᠠᠳ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠡᠨ ᠤ ᠤᠷᠤᠨ ᠤ ᠪᠡᠯᠡᠳᠬᠡᠯ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠨᠠᠷᠢᠨ ᠨᠢᠮᠪᠠᠶ ᠪᠡᠯᠡᠳᠬᠡᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠯᠠᠪᠲᠠᠶ ᠨᠠᠩ ᠭᠤᠶᠢᠳᠠ ᠰᠠᠶᠢᠬᠠᠨ ᠪᠣᠯᠬᠤ ᠶᠢ ᠢᠲᠡᠭᠡᠵᠦ ᠪᠠᠶᠢᠨ᠎ᠠ ᠭᠡᠵᠦ ᠢᠯᠡᠷᠭᠡᠶᠢᠯᠡᠪᠠ᠃(ᠪᠤᠤ ᠦᠷᠭᠡᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ