ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠵᠢᠴᠢ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠤᠬᠠᠶ ᠶᠡᠷᠦᠩᠬᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠪᠥᠬᠦ ᠣᠷᠣᠨ ᠤ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠦᠷᠦᠭᠦᠬᠡᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠨᠡᠶᠢᠲᠡᠯᠡᠪᠡ᠃ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ 2018 ᠣᠨ ᠤ 12 ᠰᠠᠷ᠎ᠠ ᠶᠢᠨ 31 ᠤ ᠡᠳᠦᠷ ᠪᠤᠯᠲᠠᠯ᠎ᠠ ᠪᠠᠷᠢᠮᠵᠢᠶ᠎ᠠ ᠴᠡᠭ ᠪᠣᠯᠭᠠᠨ ᠥᠷᠨᠢᠭᠦᠯᠪᠡ᠃

ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 2018 ᠣᠨ ᠤ ᠡᠴᠦᠰ ᠪᠣᠯᠲᠠᠯ᠎ᠠ ᠮᠠᠨ ᠤ ᠣᠷᠣᠨ ᠤ ᠪᠡᠶ᠎ᠡ ᠶᠢᠨ ᠲᠠᠮᠢᠷ ᠤᠨ ᠲᠠᠯᠠᠪᠠᠶ 53262 ᠪᠤᠯᠵᠥ᠂ ᠪᠡᠶ᠎ᠡ ᠶᠢᠨ ᠲᠠᠮᠢᠷ ᠤᠨ ᠲᠠᠯᠠᠪᠠᠶ ᠨᠡᠶᠢᠳᠠ 4681.81 ᠲᠦᠮᠡᠨ ᠲᠡᠭᠰᠢ ᠳᠥᠷᠪᠡᠯᠵᠢᠨ ᠮᠧᠲᠷ ᠲᠤ ᠬᠥᠷᠴᠤ᠂ ᠬᠥᠮᠦᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠠᠶ 1.85 ᠲᠡᠭᠰᠢ ᠳᠥᠷᠪᠡᠯᠵᠢᠨ ᠮᠧᠲᠷ ᠲᠤ ᠬᠥᠷᠥᠭᠰᠡᠨ ᠪᠠᠶᠢᠨ᠎ᠠ︔ ᠪᠥᠬᠦ ᠣᠷᠣᠨ ᠳᠤ ᠬᠦᠨᠳᠦ ᠬᠥᠩᠭᠡᠨ ᠪᠡᠶ᠎ᠠ ᠶᠢᠨ ᠲᠠᠮᠢᠷ ᠤᠨ ᠲᠠᠯᠠᠪᠠᠶ 2588 ᠪᠤᠯᠵᠥ᠂ ᠲᠠᠯᠠᠪᠠᠶ ᠨᠢ ᠨᠡᠶᠢᠳᠠ 1993.24 ᠲᠦᠮᠡᠨ ᠲᠡᠭᠰᠢ ᠳᠥᠷᠪᠡᠯᠵᠢᠨ ᠮᠧᠲᠷ ᠲᠤ ᠬᠥᠷᠴᠠᠢ᠃ ᠡᠭᠦᠨ ᠳᠤ 400 ᠮᠧᠲᠷ ᠤᠨ ᠴᠠᠭᠠᠷᠢᠭ ᠬᠡᠯᠪᠡᠷᠢᠲᠦ ᠭᠦᠶᠦᠯᠲᠡ ᠶᠢᠨ ᠵᠠᠮ ᠤᠨ ᠬᠦᠨᠳᠦ ᠬᠥᠩᠭᠡᠨ ᠪᠡᠶ᠎ᠠ ᠶᠢᠨ ᠲᠠᠮᠢᠷ ᠤᠨ ᠲᠠᠯᠠᠪᠠᠶ 1030 ᠪᠠᠶᠢᠵᠤ᠂ 39.80% ᠶᠢ ᠡᠵᠡᠯᠡᠵᠥ᠂ ᠪᠤᠰᠤᠳ ᠬᠦᠨᠳᠦ ᠬᠥᠩᠭᠡᠨ ᠪᠡᠶ᠎ᠠ ᠶᠢᠨ ᠲᠠᠮᠢᠷ ᠤᠨ ᠲᠠᠯᠠᠪᠤᠷ 1558 ᠪᠠᠶᠢᠵᠤ᠂ 60.20% ᠶᠢ ᠡᠵᠡᠯᠡᠵᠥ ᠪᠤᠢ᠃ ᠪᠥᠬᠦ ᠣᠷᠣᠨ ᠤ ᠤᠮᠪᠠᠯᠲᠠ ᠶᠢᠨ ᠲᠠᠯᠠᠪᠠᠶ 185᠂ ᠶᠡᠷᠥᠩᠭᠡᠢ ᠲᠠᠯᠠᠪᠠᠶ ᠨᠡᠶᠢᠳᠠ 23.95 ᠲᠦᠮᠡᠨ ᠲᠡᠭᠰᠢ ᠳᠥᠷᠪᠡᠯᠵᠢᠨ ᠮᠧᠲᠷ ᠲᠤ ᠬᠥᠷᠴᠠᠢ᠃ ᠡᠭᠦᠨ ᠳᠤ ᠭᠡᠷ ᠤᠨ ᠭᠠᠳᠠᠨᠠᠬᠢ ᠤᠮᠪᠠᠯᠲᠠ ᠶᠢᠨ ᠲᠠᠲᠠᠭᠠᠯ 11 ᠪᠠᠶᠢᠵᠤ᠂ 5.95% ᠶᠢ ᠡᠵᠡᠯᠡᠵᠥ᠂ ᠭᠡᠷ ᠳᠣᠲᠣᠷᠠᠬᠢ ᠤᠮᠪᠠᠯᠲᠠ ᠶᠢᠨ ᠣᠷᠳᠣᠨ 174 ᠪᠠᠶᠢᠵᠤ᠂ 94.05% ᠶᠢ ᠡᠵᠡᠯᠡᠭᠰᠡᠨ ᠪᠠᠶᠢᠨ᠎ᠠ᠃(ᠪᠤᠤ ᠦᠷᠭᠡᠨ)

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ