《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠥᠪᠡᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ 《ᠳᠡᠷᠭᠡᠳᠡᠬᠢ ᠵᠢᠷᠭᠤᠭᠠᠨ ᠢᠨᠵᠧᠨᠧᠷᠢᠩ》 ᠢ ᠢᠳᠡᠪᠬᠢᠳᠠᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠤᠨ 《123》ᠪᠡᠶ᠎ᠡ ᠶᠢᠨ ᠲᠠᠮᠢᠷ ᠤᠨ ᠢᠨᠵᠧᠨᠧᠷᠢᠩ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠥᠭᠰᠡᠨ ᠢᠶᠠᠷ᠂ ᠮᠠᠨ ᠤ ᠤᠷᠤᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠡᠭᠭᠤ ᠣᠷᠣᠯᠴᠠᠵᠥ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠳ ᠨᠡᠶᠢᠳᠠ 232 ᠲᠦᠮᠡ ᠶᠢ ᠲᠠᠪᠠᠵᠥ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠬᠥᠮᠦᠨ ᠠᠮᠠ ᠶᠢᠨ ᠬᠠᠷᠢᠴᠠᠯ 62.6% ᠳᠤ ᠬᠦᠷᠴᠦ᠂ 《ᠠᠷᠪᠠᠨ ᠬᠤᠶᠠᠳᠤᠭᠠᠷ ᠲᠠᠪᠤᠨ ᠵᠢᠯ》 ᠤᠨ ᠬᠢ ᠠᠴᠠ 20.4% ᠪᠠᠷ ᠨᠡᠮᠡᠭᠳᠡᠪᠠ᠃ 

ᠥᠢᠯᠠᠭᠠᠬᠰᠠᠨ ᠢᠶᠠᠷ᠂ ᠮᠠᠨ ᠤ ᠤᠷᠤᠨ ᠤ ᠨᠠᠰᠤᠳᠠᠶᠢᠴᠤᠳ ᠤᠨ ᠪᠡᠶ᠎ᠠ ᠶᠢᠨ ᠲᠠᠮᠢᠷ ᠤᠨ ᠠᠵᠢᠯ ᠤᠨ ᠵᠣᠬᠢᠶᠠᠨ ᠪᠠᠶᠢᠭᠤᠯᠤᠯᠲᠠ ᠨᠠᠩ ᠲᠡᠭᠦᠯᠳᠡᠷᠵᠢᠪᠡ᠃ ᠠᠶᠢᠮᠠᠭ ᠬᠤᠲᠠ᠂ ᠬᠤᠰᠢᠭᠤ ᠰᠢᠶᠠᠨ ᠪᠣᠯᠤᠨ ᠰᠤᠮᠤ ᠰᠢᠶᠠᠩ ᠪᠠᠯᠭᠠᠰᠤᠨ ᠳᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ 100% ᠶᠢᠨ ᠲᠠᠢ ᠪᠤᠯᠵᠥ᠂ 94.7% ᠶᠢᠨ ᠵᠡᠭᠡᠯᠢ ᠭᠤᠳᠤᠮᠵᠢ ᠳᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ 88% ᠶᠢᠨ ᠨᠡᠶᠢᠭᠡᠮ ᠲᠣᠭᠤᠷᠢᠭ ᠲᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ 85.6% ᠶᠢᠨ ᠭᠠᠴᠠᠭ᠎ᠠ ᠲᠣᠰᠬᠤᠨ ᠳᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠬᠰᠠᠨ ᠪᠠᠶᠢᠨ᠎ᠠ᠃ ᠡᠬᠦᠨ ᠤ ᠲᠠᠭᠠᠤ᠂ ᠨᠠᠰᠤᠳᠠᠶᠢᠴᠤᠳ ᠤᠨ ᠪᠦᠬᠦ ᠣᠷᠣᠨ ᠤ ᠡᠯ᠎ᠡ ᠱᠠᠲᠤᠨ ᠤ ᠪᠣᠯᠪᠠᠰᠤᠷᠠᠯ ᠤᠨ ᠠᠩᠭᠢ ᠶᠢ 6221 ᠬᠤᠭᠤᠴᠠᠭ᠎ᠠ ᠡᠷᠬᠢᠯᠡᠵᠥ᠂ 308816 ᠬᠥᠮᠦᠨ ᠤᠳᠠᠭ᠎ᠠ ᠳᠤ ᠪᠣᠯᠪᠠᠰᠤᠷᠠᠯ ᠬᠥᠷᠳᠡᠭᠡᠭᠰᠡᠨ ᠪᠠᠶᠢᠨ᠎ᠠ᠃

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ