《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠭᠠᠵᠠᠷ ᠣᠶᠢᠷ᠎ᠠ ᠳᠤ 4 ᠲᠠᠯᠠᠪᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠮᠠᠨ ᠤ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠢᠷᠡᠭᠡᠳᠦᠶ ᠶᠢᠨ ᠲᠠᠪᠤᠨ ᠵᠢᠯ ᠤᠨ ᠲᠥᠯᠥᠪᠯᠡᠭᠡ ᠶᠢ ᠰᠤᠳᠤᠯᠤᠨ ᠶᠠᠷᠢᠯᠴᠠᠪᠠ᠃

ᠶᠠᠷᠢᠯᠴᠠᠬᠤ ᠬᠤᠷᠠᠯ ᠨᠢ ᠭᠤᠣᠯᠳᠠᠭᠤ ᠪᠡᠶ᠎ᠠ ᠶᠢᠨ ᠲᠠᠮᠢᠷ ᠤᠨ ᠰᠤᠷᠭᠠᠭᠤᠯᠢ ᠶᠢᠨ ᠪᠠᠶᠢᠭᠤᠯᠤᠯᠲᠠ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠢᠰᠲ᠋ᠧᠮ ᠤᠨ ᠪᠠᠶᠢᠭᠤᠯᠤᠯᠲᠠ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠦᠷᠦᠯ ᠲᠡᠮᠳᠡᠭ ᠢ ᠡᠭᠦᠳᠦᠨ ᠪᠠᠶᠢᠭᠤᠯᠬᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠥᠭᠡᠷᠡᠴᠢᠯᠡᠯᠲᠡ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠵᠢᠭᠠᠨ ᠰᠤᠷᠭᠠᠬᠤ ᠴᠢᠳᠠᠪᠤᠷᠢ ᠶᠢᠨ ᠳᠡᠭᠡᠭᠰᠢᠯᠡᠯᠲᠡ ᠵᠡᠷᠭᠡ ᠶᠢᠨ ᠲᠣᠭᠤᠷᠢᠨ ᠳᠤ ᠰᠣᠯᠢᠯᠴᠠᠭ᠎ᠠ ᠥᠷᠨᠢᠭᠦᠯᠪᠠ᠃ ᠬᠤᠷᠠᠯ ᠳᠤ ᠣᠷᠣᠯᠴᠠᠭᠰᠠᠳ ᠠᠵᠢᠯ ᠲᠥᠷᠥᠯ ᠤᠨ ᠣᠨᠴᠠᠯᠢᠭ ᠲᠠᠢ ᠪᠠᠨ ᠤᠶᠠᠯᠳᠤᠭᠤᠯᠤᠨ ᠦᠵᠡᠯᠲᠡ ᠪᠠᠨ ᠢᠯᠡᠳᠬᠡᠵᠦ᠂ ᠮᠠᠨ ᠤ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠥᠭᠵᠢᠯᠲᠡ ᠶᠢᠨ ᠲᠥᠯᠥᠪᠵᠢᠭᠦᠯᠭᠡ ᠳᠤ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠰᠠᠶᠢᠨ ᠵᠣᠷ ᠢ ᠬᠠᠮᠲᠤ ᠪᠠᠷ ᠰᠦᠪᠡᠭᠴᠢᠯᠡᠪᠡ᠃

ᠶᠠᠷᠢᠯᠴᠠᠬᠤ ᠬᠤᠷᠠᠯ ᠳᠡᠭᠡᠷ᠎ᠡ ᠨᠡᠶᠢᠭᠡᠮ ᠤᠨ ᠬᠦᠴᠦᠨ ᠢ ᠠᠰᠢᠬᠯᠠᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠠᠬᠢᠭᠤᠯᠬᠤ ᠪᠣᠯᠤᠮᠵᠢᠲᠤ ᠴᠢᠨᠠᠷ ᠢ ᠭᠤᠤᠯᠳᠠᠯᠭ᠎ᠠ ᠲᠠᠢ ᠶᠠᠷᠢᠯᠴᠠᠵᠤ᠂ ᠲᠠᠮᠢᠷ ᠤᠨ ᠰᠤᠷᠭᠠᠭᠤᠯᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠲᠤᠰᠬᠠᠶ ᠮᠡᠷᠭᠡᠵᠢᠯ ᠤᠨ ᠪᠣᠯᠪᠠᠰᠤᠷᠠᠯ ᠢ ᠪᠠᠶᠠᠯᠢᠭᠵᠢᠭᠤᠯᠬᠤ᠂ ᠦᠨᠳᠦᠰᠦᠨ ᠱᠠᠲᠤᠨ ᠤ ᠳᠠᠰᠬᠠᠯᠵᠢᠭᠤᠯᠤᠭᠴᠢ ᠶᠢᠨ ᠵᠢᠭᠠᠨ ᠰᠤᠷᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨᠴᠢ ᠪᠣᠯᠪᠠᠰᠤᠷᠠᠯ ᠤᠨ ᠠᠷᠭ᠎ᠠ ᠶᠢ ᠲᠡᠭᠦᠯᠳᠡᠷᠵᠢᠭᠦᠯᠬᠦ᠂ ᠤᠷᠤᠯᠳᠤᠭᠠᠨ ᠤ ᠪᠠᠶᠢᠷᠢᠰᠢᠭᠤᠯᠤᠯᠳᠠ ᠶᠢᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠡᠯ᠎ᠡ ᠠᠶᠢᠮᠠᠭ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠂ ᠬᠠᠷᠠᠯᠲᠠ ᠪᠠᠷ ᠬᠥᠲᠥᠯᠥᠨ ᠳᠠᠭᠠᠭᠤᠯᠬᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠤᠤᠯ ᠡᠭᠦᠷᠭᠡ ᠶᠢ ᠴᠢᠩᠭᠠᠳᠬᠠᠵᠤ᠂ ᠬᠢᠨᠠᠭᠴᠢ ᠶᠢᠨ ᠲᠠᠰᠤᠯᠤᠨ ᠲᠣᠭᠲᠠᠭᠠᠬᠤ ᠬᠢᠷᠢ ᠬᠡᠮᠵᠢᠶ᠎ᠡ ᠪᠠ ᠳᠠᠰᠬᠠᠯᠵᠢᠭᠤᠯᠤᠭᠴᠢ ᠶᠢᠨ ᠵᠢᠭᠠᠨ ᠰᠤᠷᠭᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠴᠢᠬᠤᠯᠠ ᠴᠢᠨᠠᠷ ᠪᠠ ᠲᠠᠮᠢᠷ ᠤᠨ ᠰᠤᠷᠭᠠᠭᠤᠯᠢ ᠶᠢᠨ ᠰᠤᠷᠤᠭᠴᠢ ᠡᠯᠰᠡᠬᠦ ᠴᠢᠳᠠᠪᠤᠷᠢᠲᠠᠨ ᠰᠣᠩᠭᠤᠬᠤ᠂ ᠬᠥᠮᠦᠵᠢᠭᠦᠯᠦᠨ ᠬᠦᠷᠭᠡᠬᠦ ᠵᠡᠷᠭᠡ ᠤᠷᠮᠠᠰᠢᠭᠤᠯᠬᠤ ᠲᠣᠭᠲᠠᠴᠠ ᠶᠢ ᠰᠠᠶᠢᠵᠢᠷᠠᠭᠤᠯᠬᠤ ᠶᠢᠨ ᠪᠣᠳᠠᠲᠤ ᠬᠡᠷᠡᠭᠴᠡᠭᠡ ᠶᠢ ᠣᠨᠴᠠᠭᠠᠶᠢᠯᠠᠨ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠭᠠᠵᠠᠷ ᠶᠠᠷᠢᠯᠴᠠᠬᠤ ᠬᠤᠷᠠᠯ ᠳᠡᠭᠡᠷ᠎ᠡ ᠳᠤᠷᠠᠳᠤᠭᠰᠠᠨ 393 ᠰᠠᠨᠠᠯ ᠰᠠᠨᠠᠭᠤᠯᠭ᠎ᠠ ᠶᠢ ᠬᠤᠷᠢᠶᠠᠩᠭᠤᠶᠢᠯᠠᠨ ᠡᠮᠬᠢᠯᠡᠵᠦ᠂ ᠮᠠᠨ ᠤ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠢᠷᠡᠭᠡᠳᠦᠶ ᠶᠢᠨ ᠲᠠᠪᠤᠨ ᠵᠢᠯ ᠤᠨ ᠬᠥᠭᠵᠢᠯᠲᠡ ᠳᠤ ᠬᠦᠴᠦᠨ ᠬᠤᠷᠠᠮᠳᠤᠭᠤᠯᠪᠡ᠃(ᠪᠤᠤ ᠦᠷᠭᠡᠨ)

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ