5 ᠰᠠᠷ᠎ᠠ ᠶᠢᠨ 1 ᠤ ᠠᠮᠠᠷᠠᠯᠳᠠ ᠶᠢᠨ ᠡᠳᠤᠷ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠬᠢᠯᠡᠭᠰᠡᠨ 《ᠲᠠᠪᠤᠨ ᠰᠠᠷ᠎ᠠ ᠶᠢᠨ ᠨᠢᠬᠡᠨ ᠢᠶᠠᠨ ᠳᠤᠷᠠᠰᠬᠠᠬᠤ᠂ ᠬᠥᠬᠡᠬᠤᠳᠠ ᠶᠢᠨ ᠪᠡᠶ᠎ᠠ ᠶᠢᠨ ᠲᠠᠮᠢᠷ ᠤᠨ ᠪᠠᠭ᠋ᠠᠳᠠᠳ ᠬᠢᠵᠢᠭ ᠢ ᠰᠡᠷᠭᠡᠶᠢᠯᠡᠨ ᠡᠵᠡᠮᠳᠡᠬᠦ》  ᠪᠠᠷ ᠭᠤᠤᠯ ᠰᠠᠳᠤᠪ ᠪᠤᠯᠭᠠᠬᠰᠠᠨ ᠬᠥᠬᠡᠬᠤᠲᠠ ᠶᠢᠨ ᠰᠦᠯᠵᠢᠶᠡᠨ ᠳᠡᠭᠡᠷᠡᠬᠢ ᠮᠠᠷᠠᠽᠤᠨ ᠤᠷᠤᠯᠳᠤᠭᠠᠨ ᠤ ᠡᠬᠢᠯᠠᠯᠳᠠ ᠶᠢᠨ ᠶᠤᠰᠤᠯᠠᠯ ᠬᠥᠬᠡᠬᠤᠳᠠ ᠶᠢᠨ ᠠᠯᠳᠠᠢ ᠴᠡᠴᠡᠷᠯᠢᠭ ᠲᠤ ᠶᠠᠪᠤᠬᠳᠠᠵᠠᠢ᠃ ᠲᠤᠰ ᠤᠳᠠᠭ᠎ᠠ ᠶᠢᠨ ᠮᠠᠷᠠᠽᠤᠨ ᠤᠷᠤᠯᠳᠤᠭᠠᠨ ᠤ ᠡᠯ ᠎ᠠ ᠲᠥᠷᠥᠯ ᠤᠨ ᠤᠷᠤᠯᠳᠤᠭᠠᠨ 5 ᠰᠠᠷ᠎ᠠ ᠶᠢᠨ 1 — 30 ᠤ ᠡᠳᠦᠷ ᠪᠣᠯᠲᠠᠯ᠎ᠠ ᠤᠷᠢᠳ ᠬᠤᠵᠢᠳ ᠶᠠᠪᠤᠬᠳᠠᠬᠤ ᠪᠤᠯᠤᠨ᠎ᠠ᠃ 

ᠣᠶᠢᠯᠠᠭᠠᠭᠰᠠᠨ ᠢᠶᠠᠷ᠂ ᠲᠤᠰ ᠤᠳᠠᠭ᠎ᠠ ᠶᠢᠨ ᠤᠷᠤᠯᠳᠤᠭᠠᠨ ᠤ ᠲᠥᠷᠥᠯ ᠳᠤ ᠪᠦᠬᠦ ᠵᠠᠮ ᠤᠨ ᠮᠠᠷᠠᠽᠤᠨ (42.195 km)᠂ ᠬᠠᠭᠠᠰ ᠵᠠᠮ ᠤᠨ ᠮᠠᠷᠠᠽᠤᠨ (21.0975 km)᠂ 10 ᠺᠢᠯᠣᠮᠧᠲᠷ (ᠣᠯᠠᠨ ᠨᠡᠶᠢᠲᠡ ᠶᠢᠨ ᠳᠤᠭᠤᠢᠢᠯᠠᠩ) ᠪᠠ 5 ᠺᠢᠯᠣᠮᠧᠲᠷ (ᠥᠢᠷ᠎ᠠ ᠵᠠᠢ ᠶᠢᠨ ᠭᠦᠶᠦᠯᠲᠡ) ᠬᠡᠬᠦ 4 ᠳᠤᠭᠤᠢᠢᠯᠠᠩ ᠬᠤᠪᠢᠶᠠᠨ ᠶᠠᠪᠤᠬᠳᠠᠨ᠎ᠠ᠃ ᠤᠷᠤᠯᠳᠤᠭᠠᠨ ᠳᠤ ᠣᠷᠣᠯᠴᠠᠭᠰᠠᠳ ᠤᠨ ᠭᠦᠶᠦᠯᠳᠠ ᠶᠢᠨ ᠲᠡᠯᠡᠪᠤᠷ ᠪᠠ ᠭᠦᠶᠦᠬᠦ ᠴᠠᠭ ᠢ ᠬᠢᠵᠠᠭᠠᠷᠯᠠᠬᠤ ᠦᠭᠡᠢ᠂ ᠬᠥᠳᠡᠯᠭᠡᠭᠡᠨ ᠤ ᠴᠠᠭ ᠤᠨ ᠬᠡᠪᠴᠢᠶᠡᠨ ᠳᠣᠲᠣᠷ᠎ᠠ᠂ ᠤᠷᠤᠯᠳᠤᠭᠠᠨ ᠳᠤ ᠣᠷᠣᠯᠴᠠᠭᠰᠠᠳ ᠭᠠᠷ ᠤᠲᠠᠰᠤᠨ ᠲᠡᠭᠡᠷᠡᠬᠢ ᠬᠥᠬᠡᠬᠤᠳᠠ ᠶᠢᠨ ᠮᠠᠷᠠᠽᠤᠨ ᠤᠷᠤᠯᠳᠤᠭᠠᠨ ᠤ ᠵᠥᠭᠡᠯᠡᠨ ᠲᠣᠨᠤᠭ (APP) ᠢ ᠬᠡᠷᠡᠭᠯᠡᠵᠦ᠂ ᠨᠡᠷ᠎ᠡ ᠮᠡᠳᠡᠭᠦᠯᠬᠦ ᠶᠠᠪᠤᠴᠠ ᠳᠤ ᠲᠤᠳᠤᠷᠬᠠᠢᠢᠯᠠᠬᠰᠠᠨ ᠬᠥᠶᠥᠯᠳᠠ ᠶᠢᠨ ᠵᠠᠶ ᠶᠢ ᠬᠥᠶᠥᠵᠥ ᠲᠠᠭᠤᠰᠪᠠᠯ ᠤᠷᠤᠯᠳᠤᠭᠠᠨ ᠢ ᠪᠡᠶᠡᠯᠡᠭᠦᠯᠦᠭᠰᠡᠨ ᠢᠶᠠᠷ ᠪᠤᠳᠤᠨ᠎ᠠ᠃ ᠤᠷᠤᠯᠳᠤᠭᠠᠨ ᠳᠠᠭᠤᠰᠤᠭᠰᠠᠨ ᠤ ᠳᠠᠷᠠᠭ᠎ᠠ᠂ ᠲᠤᠭ᠎ᠠ ᠪᠠᠷᠢᠮᠲᠠ (ᠬᠥᠶᠥᠯᠳᠠ ᠶᠢᠨ ᠵᠠᠶ᠂ ᠭᠡᠷᠡᠭᠯᠡᠭᠰᠡᠨ ᠬᠤᠭᠤᠴᠠᠭ᠎ᠠ᠂ ᠠᠯᠬᠤᠮ ᠲᠤᠭ᠎ᠠ᠂ ᠵᠠᠮ ᠮᠥᠷ) ᠢ ᠬᠥᠬᠡᠬᠤᠳᠠ ᠶᠢᠨ ᠪᠡᠶ᠎ᠠ ᠶᠢᠨ ᠲᠠᠮᠢᠷ ᠤᠨ ᠲᠤᠪᠴᠢᠶ᠎ᠠ ᠶᠢᠨ ᠵᠢᠷᠬᠢᠶ᠎ᠠ ᠶᠢᠨ ᠨᠡᠶᠢᠲᠡ ᠶᠢᠨ ᠳ᠋ᠤᠭᠠᠷ ᠲᠤ ᠬᠢᠷᠢ ᠪᠦᠲᠦᠮᠵᠢ ᠪᠠᠨ ᠲᠠᠮᠵᠢᠭᠤᠯᠤᠨ᠎ᠠ᠃ ᠬᠢᠷᠢ ᠪᠥᠳᠥᠮᠵᠢ ᠪᠤᠯᠤᠨ ᠵᠢᠷᠤᠭ ᠳᠠᠮᠵᠢᠭᠤᠯᠬᠤ ᠬᠤᠭᠤᠴᠠᠭ᠎ᠠ ᠶᠢ 2020 ᠣᠨ ᠤ 5 ᠰᠠᠷ᠎ᠠ ᠶᠢᠨ 31 ᠤ ᠡᠳᠦᠷ ᠤᠨ 20 ᠴᠠᠬ ᠢᠶᠠᠷ ᠬᠢᠵᠠᠭᠠᠷᠯᠠᠬᠰᠠᠨ ᠪᠠᠶᠢᠨ᠎ᠠ᠃(ᠪᠤᠤ ᠦᠷᠭᠡᠨ)

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ