ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠥᠢᠯᠠᠭᠠᠬᠰᠠᠨ ᠢᠶᠠᠷ᠂ ᠥᠪᠥᠷ ᠮᠤᠩᠭᠤᠯ ᠤᠨ ᠬᠥᠯ ᠪᠥᠮᠪᠦᠭᠡ ᠶᠢᠨ ᠰᠤᠪᠠᠬ ᠥᠢᠷ᠎ᠠ ᠶᠢᠨ ᠡᠳᠤᠷ ᠠᠵᠢᠯ ᠦᠢᠯᠡᠳᠪᠦᠷᠢᠯᠡᠯ ᠢᠶᠠᠨ ᠰᠡᠷᠭᠦᠭᠡᠪᠠ᠃ ᠲᠤᠰ ᠰᠤᠪᠠᠬ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠠᠪᠤᠴᠠ ᠳᠤ᠂ ᠥᠪᠡᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ ᠶᠢᠨ ᠬᠤᠯᠪᠤᠬᠳᠠᠯ ᠪᠥᠬᠦᠢ ᠬᠠᠷᠢᠭᠤᠴᠠᠯᠭᠠᠳᠠᠨ ᠬᠥᠯ ᠪᠥᠮᠪᠦᠭᠡ ᠶᠢᠨ ᠰᠤᠪᠠᠭ ᠤᠨ ᠲᠣᠭᠯᠠᠯᠲᠠ ᠶᠢᠨ ᠲᠠᠰᠤᠭ᠂ ᠬᠠᠮ ᠵᠠᠭᠤᠴᠢᠯᠠᠭᠤᠷ ᠤᠨ ᠠᠵᠢᠯ ᠦᠶ᠋ᠯᠡᠰ ᠤᠨ ᠬᠡᠯᠲᠡᠰ ᠵᠡᠷᠭᠡ ᠰᠠᠯᠠᠭ᠎ᠠ ᠮᠥᠴᠢᠷ ᠲᠤ ᠬᠦᠷᠴᠦ᠂ ᠰᠤᠪᠠᠭ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠥ ᠪᠤᠳᠠᠳᠠᠢ ᠱᠠᠭᠠᠷᠳᠠᠯᠭ᠎ᠠ ᠲᠤᠷᠠᠳᠴᠠᠢ᠃ 

ᠦᠪᠦᠷ ᠮᠤᠩᠭᠤᠯ ᠤᠨ ᠬᠥᠯ ᠪᠥᠮᠪᠦᠭᠡ ᠶᠢᠨ ᠰᠤᠪᠠᠬ ᠪᠤᠯ 2018 ᠣᠨ ᠤ 3 ᠰᠠᠷ᠎ᠠ ᠶᠢᠨ 29 ᠤ ᠡᠳᠦᠷ ᠪᠠᠶᠢᠭᠤᠯᠤᠭᠳᠠᠭᠰᠠᠨ ᠮᠠᠨ ᠤ ᠤᠯᠤᠰ ᠤᠨ ᠤᠤᠭᠠᠨ ᠤᠯᠤᠰ ᠤᠨ ᠲᠠᠰ ᠤᠨ ᠲᠣᠭᠠᠴᠢᠯᠠᠭᠰᠠᠨ ᠲᠧᠯᠸᠢᠰ ᠤᠨ ᠰᠤᠪᠠᠭ ᠪᠤᠯᠬᠤ ᠶᠤᠮ᠃ ᠤᠳᠤᠬᠠᠨ ᠳᠤ ᠲᠤᠰ ᠰᠤᠪᠠᠬ ᠤᠨ ᠭᠥᠯᠢᠶᠡᠨ ᠠᠪᠴᠤ ᠦᠵᠡᠬᠦ ᠬᠡᠪᠴᠢᠶ᠎ᠡ ᠶᠢ ᠥᠪᠥᠷ ᠮᠣᠩᠭᠤᠯ ᠠᠴᠠ ᠪᠥᠬᠦ ᠤᠯᠤᠰ ᠲᠤ ᠬᠦᠷᠲᠡᠯ᠎ᠡ ᠥᠷᠭᠡᠳᠬᠡᠪᠡ᠃ ᠲᠤᠰ ᠰᠤᠪᠠᠭ ᠨᠢ ᠥᠪᠥᠷ ᠮᠣᠩᠭᠤᠯ ᠤᠨ ᠬᠥᠯ ᠪᠥᠮᠪᠦᠭᠡ ᠶᠢᠨ ᠥᠭᠡᠷᠡᠴᠢᠯᠡᠯᠲᠡ ᠶᠢᠨ ᠦᠶ᠋ᠯᠡᠰ ᠤᠨ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠤᠯᠵᠥ᠂ ᠮᠡᠷᠭᠡᠵᠢᠯ ᠢᠶᠠᠨ ᠥᠷᠭᠡᠳᠬᠡᠵᠦ᠂ ᠰᠢᠨ᠎ᠡ ᠶᠢ ᠡᠭᠦᠳᠬᠦ ᠳᠠᠪᠠᠭᠤᠯᠢᠭ ᠢ ᠪᠤᠢ ᠪᠤᠯᠭᠠᠨ ᠵᠠᠭᠤᠴᠢᠯᠠᠭᠤᠷ ᠤᠨ ᠠᠭᠤᠰᠤᠯᠴᠠᠯ ᠢ ᠢᠳᠡᠪᠬᠢᠲᠡᠶ ᠠᠬᠢᠭᠤᠯᠵᠤ᠂ ᠪᠥᠬᠦ ᠤᠯᠤᠰ ᠤᠨ ᠬᠥᠯ ᠪᠥᠮᠪᠦᠭᠡ ᠶᠢᠨ ᠥᠯᠢᠭᠡᠷ ᠥᠢᠯᠠ ᠶᠠᠪᠤᠳᠠᠯ ᠢ ᠲᠡᠯᠭᠡᠨ ᠦᠬᠦᠯᠡᠵᠦ᠂ ᠥᠪᠥᠷ ᠮᠣᠩᠭᠤᠯ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠵᠥ ᠪᠤᠢ᠃

ᠥᠪᠡᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ ᠶᠢᠨ ᠬᠠᠷᠢᠭᠤᠴᠠᠯᠭᠠᠳᠠᠳ ᠬᠥᠯ ᠪᠥᠮᠪᠦᠭᠡ ᠶᠢᠨ ᠰᠤᠪᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠪᠠᠶᠢᠳᠠᠯ ᠢ ᠨᠠᠷᠢᠨ ᠯᠠᠪᠯᠠᠨ ᠠᠰᠠᠭᠤᠭᠰᠠᠨ ᠤ ᠳᠠᠷᠠᠭ᠎ᠠ᠂ ᠠᠶᠤᠯᠭᠦᠶ ᠦᠢᠯᠡᠳᠪᠦᠷᠢᠯᠡᠯ ᠨᠢ ᠠᠷᠠᠳ ᠲᠦᠮᠡᠨ ᠤ ᠠᠵᠠ ᠵᠢᠷᠭᠠᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠬᠤ ᠪᠤᠯᠬᠤᠷ ᠡᠷᠬᠡᠪᠰᠢ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠴᠥᠬᠦᠷᠡᠰᠢ ᠥᠬᠡᠶ ᠪᠠᠶᠢᠩᠭᠤ ᠠᠳᠬᠤᠬᠤ ᠬᠡᠷᠡᠭᠲᠡᠶ᠃ ᠪᠥᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠲᠤᠴᠢ ᠴᠢᠨᠠᠷᠲᠠᠶ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠴᠢᠬᠤᠯᠠ ᠠᠬᠢᠴᠠ ᠲᠠᠢ ᠪᠣᠯᠤᠭᠰᠠᠨ ᠴᠠᠭ ᠮᠥᠴᠡ ᠳᠤ᠂ ᠬᠥᠯ ᠪᠥᠮᠪᠦᠭᠡ ᠶᠢᠨ ᠰᠤᠪᠠᠭ ᠤᠨ ᠬᠢᠨ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠡᠯ᠎ᠠ ᠠᠵᠢᠯ ᠤᠨ ᠭᠤᠭᠴᠤᠭ᠎ᠠ ᠨᠢᠭᠡᠪᠦᠷᠢ ᠶᠢ ᠴᠥᠮ ᠴᠢᠩᠭ᠎ᠠ ᠰᠡᠷᠭᠡᠶᠢᠯᠡᠨ ᠡᠵᠡᠮᠳᠡᠵᠥ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ 《ᠬᠥᠭᠵᠢᠶᠡᠨ ᠲᠠᠢ》 ᠪᠦᠬᠡᠳ 《ᠲᠠᠶᠢᠪᠤᠩ》 ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠥ ᠱᠠᠭᠠᠷᠳᠠᠪᠠ᠃(ᠪᠤᠤ ᠥᠷᠭᠡᠨ)

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ