《ᠠᠷᠭᠠᠢ》 ᠬᠡᠵᠦ ᠠᠷᠢᠯᠭᠠᠵᠦ ᠵᠠᠰᠠᠬᠰᠠᠨ ᠦᠬᠡᠷ ᠤᠨ ᠱᠠᠭ᠎ᠠ ᠶᠢ ᠬᠡᠯᠡᠳᠡᠭ᠃ ᠤᠯᠠᠭᠠᠨᠬᠠᠳᠠ ᠬᠤᠳᠠ ᠶᠢᠨ ᠠᠷᠤ ᠬᠤᠷᠴᠢᠨ ᠬᠤᠰᠢᠭᠤ ᠨᠢ ᠠᠷᠪᠠᠨ ᠰᠤᠮᠤᠨ ᠤ ᠬᠤᠷᠢᠮ ᠤᠨ ᠶᠤᠰᠤᠯᠠᠯ᠂ ᠮᠤᠩᠭᠤᠯ ᠥᠨᠳᠤᠰᠤᠳᠠᠨ ᠤ ᠬᠠᠭᠠᠨ ᠤᠷᠳᠤᠨ ᠤ ᠬᠥᠭᠵᠢᠮ᠂ ᠬᠠᠰᠠᠬ ᠲᠡᠷᠭᠡ ᠥᠢᠯᠡᠳᠭᠦ ᠭᠠᠷ ᠤᠷᠠᠯᠠᠯ ᠁ ᠵᠡᠷᠭᠡ ᠥᠪᠡᠷᠮᠢᠴᠡ ᠲᠡᠤᠭᠡ ᠰᠤᠶᠤᠯ ᠠᠴᠠ ᠭᠠᠲᠠᠨ᠎ᠠ᠂ ᠠᠷᠭᠠᠢ ᠨᠠᠭᠠᠲᠤᠮ ᠤᠨ ᠰᠤᠶᠤᠯ ᠢᠶᠠᠷ ᠢᠶᠠᠨ ᠬᠤᠯᠠ ᠥᠢᠷ᠎ᠠ ᠳᠠᠭᠠᠨ ᠠᠯᠲᠠᠷᠰᠢᠬᠰᠠᠨ ᠪᠠᠶᠢᠳᠠᠬ᠃ ᠤᠢᠢᠷ᠎ᠠ ᠶᠢᠨ ᠵᠢᠯ ᠳᠤ᠂ ᠠᠷᠤ ᠬᠤᠷᠴᠢᠨᠴᠤᠳ ᠠᠷᠭᠠᠢ ᠨᠠᠭᠠᠲᠤᠮ ᠤᠨ ᠲᠡᠦᠭᠡ ᠰᠤᠶᠤᠯ ᠢᠶᠠᠨ ᠤᠯᠠᠮ ᠴᠠᠭᠠᠰᠢᠲᠠ ᠠᠭᠤᠲᠠᠯᠵᠦ᠂ ᠪᠦᠲᠦᠮᠵᠢᠳᠡᠢ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠦ᠂ ᠥᠪ ᠰᠤᠶᠤᠯ ᠤᠨ ᠦᠨᠡᠲᠦ ᠡᠷᠳᠡᠨᠢ ᠪᠤᠯᠤᠬᠰᠠᠨ ᠠᠷᠭᠠᠢ ᠨᠠᠭᠠᠳᠤᠮ ᠢᠶᠠᠨ ᠠᠪᠤᠷᠠᠨ ᠬᠠᠮᠠᠭᠠᠯᠠᠵᠦ᠂ ᠤᠯᠠᠮᠵᠢᠯᠠᠨ ᠬᠦᠭᠵᠢᠬᠦᠯᠬᠦ ᠶᠢᠨ ᠲᠦᠯᠦᠬᠡ ᠬᠦᠴᠦ ᠨᠢᠬᠡᠲᠦᠨ ᠴᠢᠷᠮᠠᠶᠢᠵᠠᠭᠠᠵᠦ ᠪᠤᠢ᠃

ᠰᠤᠶᠤᠯ ᠲᠡᠤᠭᠡ ᠶᠢᠨ ᠬᠤᠪᠤᠷ ᠥᠯᠡᠳᠡᠭᠳᠠᠯ 

ᠬᠤᠯᠪᠤᠬᠳᠠᠯ ᠪᠥᠬᠦᠢ ᠲᠡᠤᠭᠡ ᠶᠢᠨ ᠪᠢᠴᠢᠭ ᠮᠠᠲ᠋ᠧᠷᠢᠶᠠᠯ ᠳᠤ ᠲᠡᠮᠳᠡᠭᠯᠡᠭᠰᠡᠨ ᠢ ᠦᠨᠳᠦᠰᠦᠯᠡᠪᠡᠯ᠂ ᠪᠠᠭ᠎ᠠ ᠨᠠᠰᠤᠨ ᠤ ᠲᠡᠮᠦᠵᠢᠨ ᠪᠣᠯᠤᠨ ᠵᠠᠮᠤᠬ᠎ᠠ ᠬᠤᠶᠠᠭᠤᠯᠠ ᠮᠥᠰᠥᠨ ᠳᠡᠭᠡᠷ᠎ᠡ ᠱᠠᠭ᠎ᠠ ᠶᠢᠨ ᠲᠣᠭᠯᠠᠭᠠᠮ ᠢ ᠨᠠᠭᠠᠳᠴᠤ ᠪᠠᠶᠢᠬᠰᠠᠨ᠂ ᠮᠠᠨᠳᠤᠬᠠᠢ ᠰᠡᠴᠡᠨ ᠥᠨᠡᠨᠪᠤᠯᠤᠳ ᠬᠤᠶᠠᠭᠤᠯᠠ ᠠᠷᠭᠠᠢ ᠨᠠᠭᠠᠳᠤᠮ ᠤᠨ ᠲᠠᠯᠠᠪᠠᠢ ᠳᠤ ᠲᠠᠨᠢᠯᠴᠠᠭᠰᠠᠨ ᠬᠡᠯᠴᠡᠳᠡᠭ᠃ ᠲᠡᠦᠬᠡᠨ ᠮᠠᠲᠧᠷᠢᠶᠠᠯ᠂ ᠪᠢᠴᠢᠭ ᠰᠤᠲᠤᠷ ᠲᠤ ᠮᠥᠰᠥᠨ ᠳᠡᠭᠡᠷᠡᠬᠢ ᠠᠷᠭᠠᠢ ᠨᠠᠭᠠᠳᠤᠮ ᠪᠣᠯ ᠮᠣᠩᠭᠤᠯᠴᠤᠳ ᠤᠨ ᠦᠨᠢ ᠤᠳᠠᠭᠠᠨ ᠲᠡᠤᠭᠡ ᠲᠠᠢ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠲᠦᠷᠦᠯ ᠵᠦᠢᠯ ᠤᠨ ᠨᠢᠭᠡ ᠨᠢ ᠪᠣᠯᠤᠨ᠎ᠠ ᠬᠡᠵᠥ ᠲᠡᠮᠳᠡᠭᠯᠡᠵᠥ ᠪᠠᠶᠢᠳᠠᠬ᠃ 

《ᠠᠷᠭᠠᠢ ᠨᠠᠭᠠᠳᠤᠮ ᠤᠳᠤᠬᠠᠨ ᠳᠤ ᠠᠷᠤ ᠬᠤᠷᠴᠢᠨ ᠬᠤᠰᠢᠭᠤᠨ ᠤ ᠬᠠᠨᠰᠦ᠋ᠮ᠎ᠠ ᠰᠤᠮᠤᠨ ᠤ ᠠᠮᠠᠰᠠᠷ ᠪᠣᠯᠤᠨ ᠪᠣᠷᠣᠬᠤᠲᠠ ᠬᠤᠶᠠᠷ ᠭᠠᠴᠠᠭᠠᠨ ᠤ ᠮᠠᠯᠴᠢᠳ ᠤᠨ ᠳᠤᠮᠳᠠ ᠤᠯᠠᠮᠵᠢᠯᠠᠬᠳᠠᠵᠥ ᠪᠤᠢ》 ᠭᠡᠵᠦ ᠠᠷᠤ ᠬᠤᠷᠴᠢᠨ ᠬᠤᠰᠢᠭᠤ ᠶᠢᠨ ᠰᠤᠶᠤᠯ ᠪᠡᠶ᠎ᠠ ᠶᠢᠨ ᠲᠠᠮᠢᠷ ᠷᠠᠳᠢᠣ᠋ ᠲᠧᠯᠸᠢᠰ ᠲᠤᠪᠴᠢᠶ᠎ᠠ ᠶᠢᠨ ᠬᠠᠷᠢᠭᠤᠴᠠᠯᠭᠠᠳᠠᠨ ᠪᠥᠬᠡᠪᠠᠭᠠᠳᠤᠷ ᠲᠠᠨᠢᠯᠴᠠᠭᠤᠯᠤᠬᠰᠠᠨ ᠪᠠᠶᠢᠨ᠎ᠠ᠃ ᠲᠡᠬᠦᠨ ᠤ ᠬᠠᠨᠭ᠍ᠭᠠᠬᠰᠠᠨ ᠮᠡᠲ᠋ᠧᠷᠢᠶᠠᠯ ᠢ ᠥᠨᠳᠤᠰᠤᠯᠠᠪᠠᠯ᠂ ᠲᠡᠦᠬᠡᠨ ᠳᠡᠭᠡᠷᠡᠬᠢ ᠠᠷᠤ ᠬᠤᠷᠴᠢᠨᠴᠤᠳ ᠪᠣᠯ ᠴᠢᠩᠭᠢᠰ ᠬᠠᠭᠠᠨ ᠤ ᠲᠥᠷᠥᠭᠰᠡᠨ ᠳᠡᠭᠦᠦ ᠬᠠᠪᠤᠲᠦ ᠬᠠᠰᠠᠷ ᠤᠨ ᠥᠷ᠎ᠠ ᠬᠤᠶᠢᠴᠢᠰ ᠪᠣᠯᠤᠨ᠎ᠠ᠃ 1546 ᠣᠨ ᠳᠤ᠂ ᠬᠠᠰᠠᠷ ᠤᠨ ᠥᠷ᠎ᠠ ᠬᠤᠶᠢᠴᠢᠰ ᠬᠥᠯᠥᠨ ᠪᠤᠶᠢᠷ ᠤᠨ ᠴᠢᠭᠤᠯᠭᠠᠨ ᠤ ᠬᠠᠶᠢᠯᠠᠷ ᠭᠤᠣᠯ ᠣᠷᠴᠢᠮ ᠤᠨ ᠠᠷᠤ ᠬᠤᠷᠴᠢᠨ ᠠᠶᠢᠮᠠᠭ ᠲᠤ ᠰᠠᠭᠤᠷᠢᠰᠢᠵᠤ᠂ ᠠᠬᠠᠯᠠᠬᠴᠢ ᠬᠥᠨᠳᠡᠯᠡᠨ ᠲᠠᠶᠢᠴᠢᠩ ᠤᠨ ᠳᠠᠭᠠᠭᠤᠯᠭ᠎ᠠ ᠳᠣᠣᠷ᠎ᠠ ᠡᠮᠦᠨᠡᠰᠢ ᠨᠡᠬᠦᠳᠡᠯᠯᠡᠵᠥ ᠣᠳᠣ ᠶᠢᠨ ᠡᠨᠡ ᠨᠤᠲᠤᠭ ᠲᠤ ᠢᠷᠡᠵᠦ ᠨᠤᠲᠤᠭᠯᠠᠵᠠᠢ᠃ 《ᠴᠢᠩ ᠤᠯᠤᠰ ᠤᠨ ᠦᠶ᠎ᠡ ᠳᠤ ᠠᠷᠤ ᠬᠤᠷᠴᠢᠨ ᠬᠤᠰᠢᠭᠤ ᠶᠢ ᠪᠠᠶᠢᠭᠤᠯᠵᠤ᠂ ᠵᠣᠣ ᠤᠳᠠ ᠠᠶᠢᠮᠠᠭ ᠲᠤ ᠬᠠᠷᠢᠶᠠᠯᠠᠭᠳᠠᠭᠤᠯᠪᠠ》 ᠬᠡᠵᠥ ᠲᠤᠳᠤᠷᠬᠠᠢᠢᠯᠠᠵᠥ ᠪᠠᠶᠢᠯ᠎ᠠ᠃ 

23f2f62d-d894-4be0-b6af-eb6584eca7a7.jpg

ᠠᠷᠤ ᠬᠤᠷᠴᠢᠨ ᠬᠤᠰᠢᠭᠤ ᠨᠢ ᠮᠠᠨ ᠤ ᠣᠷᠣᠨ ᠤ ᠳᠤᠮᠳᠠ ᠬᠡᠰᠡᠭ᠂ ᠤᠯᠠᠭᠠᠨᠬᠠᠳᠠ ᠬᠤᠲᠠ ᠶᠢᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ ᠪᠠᠶᠢᠳᠠᠬ᠃ ᠵᠡᠬᠦᠨᠰᠢ ᠪᠠᠨ ᠲᠦᠩᠯᠢᠶᠣᠤ ᠬᠤᠲᠠ ᠶᠢᠨ ᠵᠠᠷᠤᠳ ᠬᠤᠰᠢᠭᠤ ᠲᠠᠢ ᠬᠥᠷᠰᠢᠯᠡᠨ᠎ᠡ︔ ᠡᠮᠦᠨᠡᠰᠢ ᠪᠠᠨ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤ ᠪᠣᠯᠤᠨ ᠲᠦᠩᠯᠢᠶᠣᠤ ᠬᠤᠲᠠ ᠶᠢᠨ ᠺᠠᠶᠢᠯᠦ ᠰᠢᠶᠠᠨ ᠤ ᠬᠠᠷᠢᠶᠠᠨ ᠳᠠᠬᠢ ᠰᠢᠷᠠᠮᠦ᠋ᠷᠡᠨ ᠭᠤᠤᠯ ᠪᠣᠯᠤᠨ ᠲᠠᠢ ᠾᠧ ᠭᠤᠤᠯ ᠤᠨ ᠬᠠᠭᠤᠴᠢᠨ ᠤᠷᠤᠰᠬᠠᠯ ᠤᠨ ᠵᠠᠭᠠᠭ ᠲᠠᠢ ᠨᠢᠭᠤᠷᠯᠠᠵᠥ᠂ ᠪᠠᠷᠠᠭᠤᠨᠰᠢ ᠪᠠᠨ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ ᠲᠠᠢ ᠵᠠᠬ᠎ᠠ ᠨᠡᠶᠢᠯᠡᠵᠦ ᠪᠠᠶᠢᠨ᠎ᠠ︔ ᠤᠮᠠᠷᠠᠰᠢ ᠪᠠᠨ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤ᠂ ᠵᠡᠭᠦᠨ ᠦᠵᠦᠮᠦᠴᠢᠨ ᠬᠤᠰᠢᠭᠤ ᠲᠠᠢ ᠵᠠᠬ᠎ᠠ ᠨᠡᠶᠢᠯᠡᠵᠦ ᠤᠯᠠᠨ ᠨᠤᠲᠤᠭ ᠤᠨ ᠰᠤᠶᠤᠯ ᠤᠨ ᠨᠥᠯᠥᠭᠡ ᠶᠢ ᠬᠥᠷᠳᠡᠭᠰᠡᠨ ᠥᠡᠭᠭᠡ ᠢᠯᠭᠠᠷᠠᠮ᠎ᠠ ᠰᠤᠶᠤᠯ ᠤᠷᠠᠯᠢᠬ ᠢ ᠪᠥᠷᠢᠯᠳᠥᠭᠦᠯᠥᠭᠰᠡᠨ ᠪᠠᠶᠢᠳᠠᠬ᠃

ᠮᠥᠰᠥᠨ ᠳᠡᠭᠡᠷᠡᠬᠢ ᠠᠷᠭᠠᠢ ᠨᠠᠭᠠᠳᠤᠮ ᠪᠣᠯ ᠮᠣᠩᠭᠤᠯ ᠦᠨᠳᠦᠰᠦᠲᠡᠨ ᠤ ᠡᠷᠲᠡᠨ ᠤ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠪᠣᠯᠤᠨ᠎ᠠ᠃ ᠠᠷᠤ ᠬᠤᠷᠴᠢᠨ ᠬᠤᠰᠢᠭᠤᠨ ᠳᠤ ᠳᠡᠯᠭᠡᠷᠡᠭᠰᠡᠨ ᠮᠥᠰᠥᠨ ᠳᠡᠭᠡᠷᠡᠬᠢ ᠠᠷᠭᠠᠢ ᠨᠠᠭᠠᠳᠤᠮ ᠨᠢ ᠪᠦᠬᠦ᠋ᠢᠯᠡ ᠦᠨᠳᠦᠰᠦᠲᠡᠨ ᠤ ᠨᠠᠶᠢᠳᠡᠯᠢᠭ ᠰᠢᠨᠵᠢ ᠲᠠᠢ ᠮᠥᠷᠲᠡᠭᠡᠨ ᠢᠯᠡ ᠲᠣᠳᠣ ᠣᠷᠣᠨ ᠨᠤᠲᠤᠭ ᠤᠨ ᠥᠩᠭᠡ ᠪᠤᠳᠤᠭ ᠲᠠᠢ ᠪᠠᠶᠢᠳᠠᠭ᠃ ᠠᠷᠭᠠᠢ ᠬᠢᠬᠦ ᠳᠤ ᠦᠬᠡᠷ ᠤᠨ ᠱᠠᠭ᠎ᠠ ᠶᠢᠨ ᠮᠢᠬ᠎ᠠ ᠠᠷᠠᠰᠤ ᠪᠠ ᠳᠤᠰᠤᠨ ᠬᠠᠭ ᠢ ᠨᠢ ᠠᠪᠴᠤ ᠬᠠᠶᠠᠭᠠᠳ ᠭᠦᠳᠦᠭᠦᠷ ᠲᠠᠯ᠎ᠠ ᠪᠠ ᠬᠤᠲᠣᠭᠤᠷ ᠲᠠᠯ᠎ᠠ ᠶᠢ ᠨᠢ ᠬᠤᠰᠤᠵᠤ ᠲᠡᠭᠰᠢᠯᠡᠭᠡᠳ ᠪᠦᠲᠦᠭᠡᠭᠰᠡᠨ ᠪᠠᠶᠢᠲᠠᠭ︔ ᠬᠤᠲᠣᠭᠤᠷ ᠭᠠᠳᠠᠷᠭᠤ ᠳᠤᠨᠢ ᠨᠦᠬᠡ ᠴᠣᠭᠤᠯᠵᠤ᠂ ᠲᠤᠭᠤᠯᠭᠠᠨ ᠤᠰᠤ ᠣᠷᠣᠭᠤᠯᠵᠤ ᠬᠦᠨᠳᠦ ᠶᠢᠨ ᠬᠡᠮᠵᠢᠶ᠎ᠡ ᠶᠢ ᠨᠢ ᠨᠡᠮᠡᠭᠳᠡᠭᠦᠯᠳᠡᠭ᠃ ᠠᠷᠭᠠᠢ ᠨᠠᠭᠠᠳᠤᠮ ᠢ ᠮᠥᠰᠥᠨ ᠳᠡᠭᠡᠷ᠎ᠡ ᠲᠣᠭᠯᠠᠬᠤ ᠳᠠᠭᠠᠨ ᠭᠦᠳᠦᠭᠦᠷ ᠲᠠᠯ᠎ᠠ ᠶᠢ ᠨᠢ ᠳᠡᠭᠡᠭᠰᠢ ᠬᠠᠨᠳᠤᠭᠤᠯᠤᠨ ᠪᠠᠷᠢᠵᠤ᠂ ᠡᠷᠡᠬᠡᠢ ᠬᠤᠷᠤᠭᠤ ᠪᠠ ᠳᠣᠯᠢᠶᠠᠪᠤᠷ ᠬᠤᠷᠤᠭᠤ ᠪᠠᠷ ᠢᠶᠠᠨ ᠬᠤᠯᠠ ᠶᠢ ᠵᠣᠷᠢᠵᠤ᠂ ᠬᠠᠷᠠᠯᠲᠠ ᠪᠣᠯᠭᠠᠨ ᠠᠷᠭᠠᠢ ᠪᠤᠯᠭᠠᠨ ᠰᠢᠳᠡᠳᠡᠭ᠃ ᠨᠥᠭᠦᠭᠡ ᠨᠢᠭᠡ ᠠᠷᠭᠠᠢ ᠨᠢ ᠬᠠᠷᠠᠯᠲᠠ ᠲᠠᠢ ᠪᠠᠷ ᠰᠤᠮᠤ ᠪᠠᠨ ᠣᠨᠢᠯᠠᠵᠤ ᠰᠢᠳᠠᠵᠥ ᠶᠠᠪᠤᠭᠤᠯᠤᠬᠰᠠᠨ ᠠᠷᠭᠠᠢ ᠶᠢ ᠣᠨᠣᠭᠠᠭᠰᠠᠨ ᠪᠤᠯ ᠢᠯᠠᠭᠰᠠᠨ ᠳᠤ ᠲᠣᠭᠠᠴᠢᠭᠳᠠᠨ᠎ᠠ᠃ ᠡᠶᠢᠮᠦ ᠠᠴᠠ ᠲᠡᠬᠦᠨ ᠢ ᠪᠠᠰᠠ 《ᠠᠷᠭᠠᠢ ᠬᠠᠷᠪᠤᠬᠤ》 ᠭᠡᠳᠡᠭ᠃ ᠬᠤᠶᠠᠷ ᠬᠥᠮᠦᠨ ᠪᠠᠶᠢᠳᠠᠭ ᠯᠠ ᠶᠤᠮ ᠪᠣᠯ ᠡᠨᠡ ᠲᠣᠭᠯᠠᠭᠠᠮ ᠵᠠᠪᠤᠭᠲᠠᠵᠦ ᠲᠡᠶᠢᠯᠦᠨ᠎ᠡ︔ ᠬᠥᠮᠦᠨ ᠣᠯᠠᠨ ᠦᠶ᠎ᠠ ᠳᠤ ᠨᠠᠩ ᠬᠥᠷ ᠬᠥᠭᠵᠢᠶᠡᠨ ᠲᠠᠢ ᠪᠣᠯᠳᠠᠬ᠃ ᠤᠷᠤᠯᠳᠤᠭᠠᠨ ᠤ ᠳ᠋ᠦᠩ ᠳᠤ᠂ ᠢᠯᠠᠭᠳᠠᠭᠰᠠᠳ ᠬᠤᠨᠢ᠂ ᠢᠮᠠᠭᠠᠨ ᠤ ᠱᠠᠭ᠎ᠠ ᠪᠠᠨ ᠱᠦᠭᠦᠭᠳᠡᠳᠡᠭ ᠪᠠᠶᠢᠨ᠎ᠠ᠃

ᠮᠣᠩᠭᠤᠯᠴᠤᠳ ᠦᠬᠡᠷ ᠬᠤᠨᠢ ᠨᠢᠲᠤᠯᠬᠤ ᠪᠤᠶᠤ ᠠᠩ ᠭᠥᠷᠥᠭᠡᠰᠦ ᠠᠩᠨᠠᠬᠤ ᠳᠠᠭᠠᠨ ᠱᠠᠭ᠎ᠠ ᠶᠢ ᠨᠢ ᠬᠢᠮᠠᠭᠠᠲᠠᠨ ᠬᠠᠳᠠᠭᠠᠯᠠᠵᠤ᠂ ᠳᠡᠭᠡᠷᠡᠬᠢ ᠰᠢᠷᠪᠥᠰᠥ ᠪᠣᠯᠤᠨ ᠮᠢᠬ᠎ᠠ ᠶᠢ ᠨᠢ ᠬᠤᠰᠤᠵᠤ᠂ ᠲᠤᠰᠤᠨ ᠤ ᠭᠬᠢᠷ ᠪᠤᠷᠲᠠᠭ ᠢ ᠠᠷᠢᠯᠭᠠᠨ᠂ ᠨᠢᠭᠡ ᠵᠦᠢᠯ ᠤᠨ ᠲᠣᠭᠯᠠᠭᠠᠮ ᠪᠣᠯᠭᠠᠳᠠᠭ᠃ ᠠᠷᠭᠠᠢ ᠤᠷᠤᠯᠳᠤᠬᠤ ᠦᠶ᠎ᠡ ᠳᠤ ᠦᠬᠡᠷ ᠪᠤᠶᠤ ᠪᠤᠭᠤ ᠶᠢᠨ ᠱᠠᠭ᠎ᠠ ᠶᠢ ᠰᠤᠩᠭᠤᠲᠠᠭ᠃ ᠪᠣᠳᠠᠲᠠᠢ ᠪᠠᠷ ᠬᠡᠯᠡᠪᠡᠯ᠂ ᠱᠠᠭ᠎ᠠ ᠶᠠᠰᠤᠨ ᠤ ᠳᠡᠭᠡᠷ᠎ᠡ ᠳᠣᠣᠷ᠎ᠠ ᠲᠠᠯ᠎ᠠ ᠶᠢ ᠵᠣᠷᠭᠤᠵᠤ᠂ ᠬᠡᠩᠭᠡᠷᠭᠡᠨ ᠳᠡᠭᠡᠷ᠎ᠡ ᠨᠢ ᠵᠢᠵᠢᠭ ᠨᠦᠬᠡ ᠭᠠᠷᠭᠠᠵᠤ᠂ ᠲᠤᠭᠤᠯᠭᠠᠨ ᠤᠰᠤ ᠴᠢᠳᠬᠤᠵᠤ᠂ ᠬᠦᠨᠳᠦ ᠶᠢ ᠨᠢ ᠳᠡᠭᠡᠭᠰᠢᠯᠡᠭᠦᠯᠦᠨ᠎ᠡ᠃ ᠢᠡᠭᠬᠢᠪᠠᠯ ᠮᠥᠰᠥᠨ ᠭᠠᠳᠠᠷᠭᠤ ᠳᠡᠭᠡᠷ᠎ᠡ ᠡᠷᠭᠢᠯᠳᠦᠨ ᠭᠤᠯᠭᠤᠬᠤ ᠦᠶᠡᠰ ᠨᠡᠯᠢᠶᠡᠳ ᠬᠤᠷᠳᠤᠨ ᠪᠠᠶᠢᠲᠠᠭ ᠪᠦᠭᠡᠳ ᠬᠠᠷᠪᠤᠬᠤ ᠳᠤ ᠣᠨᠣᠪᠴᠢᠲᠠᠶ ᠪᠤᠯᠭᠠᠲᠠᠭ᠃ ᠭᠡᠲᠡᠯ᠎ᠡ ᠲᠡᠳᠡᠭᠡᠷ ᠵᠢᠵᠢᠭ ᠱᠠᠭ᠎ᠠ ᠨᠢ ᠬᠠᠷᠢᠨ ᠤᠤᠯ ᠤᠨ ᠶᠠᠩᠵᠤ ᠪᠠᠨ ᠬᠠᠳᠠᠭᠠᠯᠠᠳᠠᠭ ᠪᠠᠶᠢᠨ᠎ᠠ᠃

ᠥᠪᠡᠷᠮᠢᠴᠠ ᠤᠨᠴᠠᠯᠢᠬ ᠲᠠᠢ ᠪᠡᠶ᠎ᠡ ᠶᠢᠨ ᠲᠠᠮᠢᠷ

《ᠮᠥᠰᠥᠨ ᠳᠡᠭᠡᠷᠡᠬᠢ ᠠᠷᠭᠠᠢ ᠨᠠᠭᠠᠳᠤᠮ ᠪᠣᠯ ᠮᠣᠩᠭᠤᠯ ᠦᠨᠳᠦᠰᠦᠲᠡᠨ ᠤ ᠡᠷᠲᠡᠨ ᠤ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠲᠦᠷᠦᠯ ᠵᠦᠢᠯ ᠪᠣᠯᠤᠨ᠎ᠠ᠃ ᠲᠡᠭᠦᠨ ᠤ ᠪᠤᠢ ᠪᠤᠯᠤᠬᠰᠠᠨ ᠣᠨ ᠵᠢᠯ ᠪᠠ ᠤᠯᠠᠮᠵᠢᠯᠠᠨ ᠵᠠᠯᠭᠠᠮᠵᠢᠯᠠᠭᠲᠠᠭᠰᠠᠨ ᠪᠠᠶᠢᠳᠠᠯ ᠢ ᠤᠳᠤ ᠪᠠᠰᠠ ᠨᠠᠷᠢᠨ ᠨᠢᠮᠪᠠᠶ ᠰᠢᠯᠭᠠᠨ ᠭᠡᠷᠡᠴᠢᠯᠡᠬᠦ ᠶᠢᠨ ᠠᠷᠭ᠎ᠠ ᠦᠭᠡᠢ ᠪᠠᠶᠢᠨ᠎ᠠ》 ᠬᠡᠵᠥ ᠪᠥᠭᠡᠪᠠᠭᠠᠳᠤᠷ ᠲᠠᠶᠢᠯᠪᠤᠷᠢᠯᠠᠵᠥ ᠪᠢᠯᠠ᠃ ᠬᠤᠯᠪᠤ‍ᠭᠳᠠᠯ ᠪᠦᠬᠦᠢ ᠲᠡᠦᠬᠡᠨ ᠪᠢᠴᠢᠭ ᠲᠤ ᠲᠡᠮᠳᠡᠭᠯᠡᠭᠰᠡᠨ ᠢᠶᠠᠷ᠂ ᠴᠢᠩᠭᠢᠰ ᠬᠠᠭᠠᠨ ᠪᠠᠭ᠎ᠠ ᠶᠢᠨ ᠦᠶ᠎ᠡ ᠳᠡᠭᠡᠨ ᠵᠠᠮᠤᠬ᠎ᠠ ᠲᠠᠢ ᠬᠠᠷᠢᠯᠴᠠᠨ ᠵᠢᠵᠢᠭ ᠱᠠᠭ᠎ᠠ ᠪᠡᠯᠡᠭᠯᠡᠵᠦ ᠪᠠᠶᠢᠭᠰᠠᠨ ᠪᠥᠭᠡᠳ ᠣᠨᠣᠨ ᠭᠤᠣᠯ ᠤᠨ ᠮᠥᠰᠥᠨ ᠳᠡᠭᠡᠷ᠎ᠡ ᠨᠠᠭᠠᠳᠴᠤ᠂ ᠱᠠᠭ᠎ᠠ ᠬᠠᠷᠪᠤᠬᠤ ᠤᠷᠤᠯᠳᠤᠭᠠᠨ ᠶᠠᠪᠤᠭᠤᠯᠳᠠᠬ ᠪᠠᠶᠢᠵᠠᠢ︔ ᠠᠷᠪᠠᠨ ᠲᠠᠪᠤᠳᠤᠭᠠᠷ ᠵᠠᠭᠤᠨ ᠤ ᠳᠤᠮᠳᠠᠴᠢ ᠦᠶ᠎ᠡ ᠳᠤ ᠮᠣᠩᠭᠤᠯ ᠦᠨᠳᠦᠰᠦᠲᠡᠨ ᠤ ᠠᠯᠳᠠᠷᠲᠤ ᠤᠯᠤᠰ ᠲᠥᠷᠥᠴᠢᠨ ᠮᠠᠨᠳᠤᠬᠠᠢ ᠰᠡᠴᠡᠨ ᠬᠠᠳᠤᠨ᠂ ᠤᠷᠤᠭ ᠭᠤᠶᠤᠭᠴᠢ — ᠬᠤᠷᠴᠢᠨ ᠠᠶᠢᠮᠠᠭ ᠤᠨ ᠦᠨᠡᠨᠪᠤᠯᠤᠳ ᠲᠠᠢ ᠮᠥᠰᠥᠨ ᠳᠡᠭᠡᠷ᠎ᠡ ᠱᠠᠭ᠎ᠠ ᠬᠠᠷᠪᠤᠬᠤ ᠳᠠᠭᠠᠨ ᠲᠠᠨᠢᠯᠴᠠᠭᠰᠠᠨ ᠶᠤᠮ︔ ᠴᠢᠩᠭᠢᠰ ᠬᠠᠭᠠᠨ ᠤ ᠳᠡᠭᠦᠦ ᠬᠠᠪᠤᠲᠤ ᠬᠠᠰᠠᠷ 《ᠮᠡᠷᠭᠡᠨ ᠬᠠᠷᠪᠤᠭᠠᠴᠢᠨ》 ᠬᠡᠮᠡᠨ ᠠᠯᠳᠠᠷᠰᠢᠵᠤ᠂ ᠶᠡᠭᠡ ᠮᠣᠩᠭᠤᠯ ᠬᠠᠭᠠᠨᠲᠤ ᠤᠯᠤᠰ ᠢ ᠪᠠᠶᠢᠭᠤᠯᠬᠤ ᠳᠤ ᠭᠠᠷᠮᠠᠭᠠᠢ ᠭᠠᠪᠢᠶ᠎ᠠ ᠵᠢᠳᠬᠦᠯ ᠦᠵᠡᠭᠦᠯᠵᠥ ᠪᠠᠶᠢᠬᠰᠠᠨ ᠬᠡᠵᠥ ᠲᠤᠳᠤᠷᠬᠠᠢ ᠲᠡᠮᠳᠡᠭᠯᠡᠵᠥ ᠪᠠᠶᠢᠯ᠎ᠠ᠃ 

e0efe3f2-5695-47d7-b16c-a9cd799bc814.jpg

ᠠᠷᠭᠠᠢ ᠶᠢ ᠬᠠᠷᠪᠤᠬᠤ ᠳᠤ ᠡᠷᠡᠬᠡᠢ ᠬᠤᠷᠤᠭᠤᠨ ᠤ ᠬᠥᠳᠡᠯᠥᠯ ᠪᠠᠷᠢᠯ ᠨᠢ ᠨᠤᠮᠤ ᠬᠠᠷᠪᠤᠬᠤ ᠲᠠᠢ ᠠᠳᠠᠯᠢᠪᠲᠤᠷ ᠪᠠᠶᠢᠳᠠᠭ᠂ ᠡᠶᠢᠮᠦ ᠠᠴᠠ ᠮᠥᠰᠥᠨ ᠳᠡᠭᠡᠷᠡᠬᠢ ᠠᠷᠭᠠᠢ ᠨᠢ ᠰᠤᠷ ᠬᠠᠷᠪᠤᠬᠤ ᠨᠢᠭᠡ ᠵᠦᠢᠯ ᠤᠨ ᠦᠨᠳᠦᠰᠦᠨ ᠪᠣᠯᠪᠠᠰᠤᠷᠠᠯ ᠪᠠᠶᠢᠵᠤ ᠮᠡᠳᠡᠨ᠎ᠡ᠃ ᠬᠠᠪᠤᠲᠤ ᠬᠠᠰᠠᠷ ᠤᠨ ᠬᠤᠶᠢᠴᠢᠰ ᠪᠣᠯᠤᠭᠰᠠᠨ ᠤ ᠬᠤᠪᠢ ᠳᠤ᠂ ᠠᠷᠤ ᠬᠤᠷᠴᠢᠨ ᠬᠤᠰᠢᠭᠤᠨ ᠤ ᠮᠣᠩᠭᠤᠯᠴᠤᠳ ᠮᠡᠷᠭᠡᠨ ᠬᠠᠷᠪᠤᠭᠠᠴᠢ ᠶᠢᠨ ᠭᠧᠨ ᠢ ᠤᠯᠠᠮᠵᠢᠯᠠᠬᠰᠠᠨ ᠪᠥᠭᠡᠳ ᠮᠥᠰᠥᠨ ᠳᠡᠭᠡᠷᠡᠬᠢ ᠠᠷᠭᠠᠢ ᠨᠠᠭᠠᠲᠤᠮ ᠢ ᠲᠡᠷᠡ ᠬᠡᠪ ᠢᠶᠠᠷ ᠨᠢ ᠦᠪᠯᠡᠨ ᠦᠯᠡᠳᠡᠭᠡᠭᠰᠡᠨ ᠶᠤᠮ᠃ ᠠᠷᠤ ᠬᠤᠷᠴᠢᠨ ᠬᠤᠰᠢᠭᠤᠨ ᠤ ᠠᠩᠬᠠᠳᠠᠭᠴᠢ ᠵᠠᠰᠠᠭ ᠨᠤᠶᠠᠨ ᠪᠣᠯ ᠲᠤᠬᠠᠶ ᠶᠢᠨ ᠦᠶ᠎ᠡ ᠶᠢᠨ ᠠᠯᠳᠠᠷᠲᠤ ᠰᠤᠷ ᠬᠠᠷᠪᠤᠭᠴᠢ ᠪᠠᠶᠢᠬᠰᠠᠨ ᠭᠡᠳᠡᠭ᠃ ᠪᠥᠬᠡᠪᠠᠭᠠᠳᠤᠷ ᠤᠨ ᠬᠠᠨᠭ᠍ᠭᠠᠭᠰᠠᠨ ᠮᠠᠲ᠋ᠧᠷᠢᠶᠠᠯ ᠳᠤ᠂ ᠤᠳᠤᠬᠠᠨ ᠳᠤ ᠬᠠᠨᠰᠦ᠋ᠮ᠎ᠠ ᠰᠤᠮᠤ ᠶᠢᠨ ᠴᠠᠭᠠᠬᠤᠪᠣᠭ᠎ᠠ ᠭᠠᠴᠠᠭ᠎ᠠ ᠶᠢᠨ ᠨᠠᠰᠤᠳᠠᠨ ᠴᠤᠬᠯᠠ᠂ ᠪᠣᠷᠣᠬᠤᠲᠠ ᠭᠠᠴᠠᠭ᠎ᠠ ᠶᠢᠨ ᠰᠤᠩᠳᠤᠢ ᠪᠣᠯᠤᠨ ᠠᠮᠠᠰᠠᠷ ᠭᠠᠴᠠᠭ᠎ᠠ ᠶᠢᠨ ᠠᠯᠲᠠᠨ᠋ᠧᠴᠢᠷ ᠵᠡᠷᠭᠡ ᠨᠠᠰᠤᠲᠠᠳ ᠪᠣᠯ ᠪᠦᠷ ᠮᠥᠰᠥᠨ ᠳᠡᠭᠡᠷᠡᠬᠢ ᠠᠷᠭᠠᠢ ᠨᠠᠭᠠᠳᠤᠮ ᠤᠨ ᠤᠯᠠᠮᠵᠢᠯᠠᠭᠴᠢ ᠪᠤᠯᠬᠤ ᠶᠤᠮ᠃ ᠲᠡᠲᠡᠨᠤᠰ ᠠᠴᠠ ᠲᠡᠭᠡᠷ᠎ᠠ ᠨᠢᠬᠡ ᠥᠶ᠎ᠠ ᠶᠢᠨ ᠬᠢ ᠶᠢ ᠲᠤᠷᠠᠳᠪᠠᠯ᠂ ᠪᠠᠲᠤᠸ᠋ᠴᠢᠷ᠂ ᠫᠣᠩᠰᠤᠭ᠂ ᠨᠠᠶᠠᠨᠲᠠᠢ᠂ ᠪᠢᠴᠢᠬᠠᠨ᠂ ᠪᠥᠬᠡ ᠪᠤᠯᠤᠨ ᠬᠠᠶᠢᠷᠥᠪ ᠵᠡᠷᠭᠡ ᠨᠠᠰᠤ ᠪᠠᠷᠠᠭᠰᠠᠨ ᠨᠠᠰᠤᠲᠠᠶᠢᠴᠤᠳ ᠴᠦ ᠠᠷᠭᠠᠢ ᠨᠠᠭᠠᠲᠤᠮ ᠤᠨ ᠶᠤᠰᠤ ᠲᠦᠷᠢᠮ ᠢ ᠪᠦᠷᠢᠨ ᠤᠢᠢᠯᠠᠭᠠᠵᠦ᠂ ᠠᠷᠭᠠᠢ ᠬᠠᠷᠪᠤᠬᠤ ᠤᠬᠠᠭᠠᠨ ᠢ ᠲᠤᠭᠤᠷᠲᠠᠯ᠎ᠠ ᠮᠡᠳᠡᠳᠡᠭ ᠪᠠᠶᠢᠵᠠᠢ ᠬᠡᠵᠥ ᠲᠡᠮᠳᠡᠭᠯᠡᠵᠥ ᠪᠠᠶᠢᠯ᠎ᠠ᠃

ᠪᠥᠬᠡᠪᠠᠭᠠᠳᠤᠷ ᠤᠨ ᠬᠠᠷᠢᠭᠤᠴᠠᠨ ᠬᠥᠢᠴᠡᠳᠭᠡᠭᠰᠡᠨ ᠮᠦᠰᠦᠨ ᠲᠡᠭᠡᠷᠡᠬᠢ ᠠᠷᠭᠠᠢ ᠨᠠᠭᠠᠲᠤᠮ ᠢ ᠥᠪᠡᠷᠳᠡᠭᠡᠨ ᠵᠠᠰᠠᠬᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠲᠦᠯᠦᠬᠡᠯᠡᠬᠦ ᠴᠢᠨᠠᠷᠲᠠᠢ ᠨᠡᠷᠡᠰ ᠲᠤ ᠪᠦᠷᠢᠳᠭᠡᠬᠦᠯᠬᠦ ᠪᠠᠷ ᠡᠷᠡᠮᠡᠯᠵᠡᠯᠡᠭᠰᠡᠨ ᠪᠢᠴᠢᠭ ᠲᠤ ᠮᠥᠰᠥᠨ ᠳᠡᠭᠡᠷᠡᠬᠢ ᠠᠷᠭᠠᠢ ᠨᠠᠭᠠᠳᠤᠮ ᠤᠨ ᠡᠩ ᠤᠨ ᠣᠨᠴᠠᠯᠢᠭ ᠢ ᠢᠡᠭᠬᠢᠵᠦ ᠲᠡᠮᠳᠡᠭᠯᠡᠭᠰᠡᠨ ᠪᠠᠶᠢᠲᠠᠭ᠄ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠪᠣᠯᠤᠭᠰᠠᠨ ᠤ ᠬᠤᠪᠢ ᠳᠤ᠂ ᠲᠤᠰ ᠨᠠᠭᠠᠲᠤᠮ ᠤᠨ ᠣᠷᠣᠯᠴᠠᠭᠰᠠᠳ ᠪᠠ ᠦᠵᠡᠭᠴᠢᠳ ᠮᠠᠰᠢ ᠣᠯᠠᠨ ᠪᠠᠶᠢᠵᠤ᠂ ᠪᠡᠶ᠎ᠡ ᠮᠠᠬᠠᠪᠤᠳ ᠢᠶᠠᠨ ᠳᠠᠪᠲᠠᠨ ᠪᠣᠯᠪᠠᠰᠤᠷᠠᠭᠤᠯᠬᠤ ᠦᠢᠯᠡᠲᠦᠯ ᠲᠠᠢ ᠮᠦᠷᠳᠡᠭᠡᠨ ᠵᠤᠭ᠎ᠠ ᠴᠡᠩᠭᠡᠯ ᠤᠨ ᠴᠢᠨᠠᠷ ᠲᠠᠢ ᠥᠷᠭᠡᠨ ᠳᠡᠯᠭᠡᠷ ᠣᠯᠠᠨ ᠲᠦᠮᠡᠨᠴᠢ ᠴᠢᠨᠠᠷ ᠲᠠᠢ︔ ᠨᠡᠭᠦᠳᠡᠯ ᠮᠠᠯᠵᠢᠯ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠲᠤ ᠵᠤᠬᠢᠴᠠᠭᠰᠠᠨ ᠤᠯᠠᠨ ᠲᠦᠮᠡᠨᠴᠢ ᠬᠥᠳᠡᠯᠭᠡᠭᠡᠨ ᠪᠤᠯᠤᠬᠰᠠᠨ ᠤ ᠬᠤᠪᠢ ᠳᠤ᠂ ᠮᠥᠰᠥᠨ ᠳᠡᠭᠡᠷᠡᠬᠢ ᠠᠷᠭᠠᠢ ᠨᠠᠭᠠᠳᠤᠮ ᠨᠢ ᠮᠣᠩᠭᠤᠯ ᠦᠨᠳᠦᠰᠦᠲᠡᠨ ᠤ ᠵᠠᠩ ᠦᠢᠯᠡ ᠲᠠᠢ ᠨᠢᠬᠲᠠ ᠬᠤᠯᠪᠤᠬᠳᠠᠲᠠᠭ᠃ ᠮᠥᠰᠥᠨ ᠳᠡᠭᠡᠷᠡᠬᠢ ᠠᠷᠭᠠᠢ ᠨᠠᠭᠠᠳᠤᠮ ᠨᠢ ᠥᠪᠡᠷᠮᠢᠴᠡ ᠪᠠᠭᠠᠵᠢ ᠬᠡᠷᠡᠭᠰᠡᠯ ᠪᠠ ᠲᠦᠷᠢᠮ ᠭᠤᠷᠢᠮ ᠲᠠᠢ ᠪᠠᠶᠢᠵᠤ᠂ ᠢᠯᠡ ᠲᠣᠳᠣ ᠦᠨᠳᠦᠰᠦᠲᠡᠨ ᠤ ᠣᠨᠴᠠᠯᠢᠭ ᠲᠠᠢ ᠮᠥᠷᠳᠡᠭᠡᠨ ᠣᠷᠣᠨ ᠨᠤᠲᠤᠭ ᠤᠨ ᠣᠨᠴᠠᠯᠢᠭ ᠲᠠᠢ︔ ᠣᠷᠣᠯᠴᠠᠬᠰᠠᠳ ᠮᠥᠰᠥᠨ ᠳᠡᠭᠡᠷ᠎ᠡ ᠭᠦᠶᠦᠬᠦ ᠳᠡᠭᠡᠨ ᠪᠡᠶ᠎ᠡ ᠶᠢᠨ ᠲᠡᠩᠴᠡᠭᠦᠷᠢ ᠪᠠᠨ ᠪᠠᠲᠤᠯᠠᠵᠤ᠂ ᠡᠮᠦᠨᠡᠬᠢ ᠬᠠᠷᠠᠯᠲᠠ ᠪᠠᠨ ᠨᠠᠷᠢᠯᠢᠬ ᠠᠵᠢᠬᠯᠠᠵᠥ᠂ ᠬᠤᠭᠤᠷᠤᠨᠳᠤᠬᠢ ᠵᠠᠢ ᠶᠢ ᠣᠨᠣᠪᠴᠢᠲᠠᠢ ᠮᠠᠭᠠᠳᠯᠠᠵᠤ᠂ ᠵᠣᠬᠢᠰᠲᠠᠢ ᠡᠷᠴᠢᠮᠯᠡᠬᠦ ᠬᠦᠴᠦ ᠪᠠᠷ ᠠᠷᠭᠠᠢ ᠶᠢ ᠬᠠᠷᠪᠤᠵᠤ ᠭᠠᠷᠭᠠᠪᠠᠯ ᠰᠠᠶ᠋ᠢ ᠬᠠᠷᠠᠯᠲᠠ ᠶᠢ ᠣᠨᠣᠭᠠᠵᠤ ᠴᠢᠳᠠᠳᠠᠬ᠃ ᠡᠳᠡᠭᠡᠷ ᠡᠷᠳᠡᠮ ᠢ ᠪᠦᠷᠢᠯᠳᠦᠭᠦᠯᠪᠡᠯ ᠰᠠᠶᠢ ᠬᠠᠷᠠᠯᠲᠠ ᠶᠢ ᠵᠦᠪ ᠣᠨᠣᠭᠠᠵᠤ ᠪᠤᠳᠤᠬᠰᠠᠨ ᠰᠠᠨᠠᠬᠰᠠᠨ ᠢᠶᠠᠨ ᠪᠡᠶᠡᠯᠡᠬᠦᠯᠵᠥ ᠴᠢᠳᠠᠳᠠᠬ ᠭᠡᠵᠦ ᠦᠵᠡᠵᠡᠭᠡᠳᠡᠭ ᠪᠠᠶᠢᠨ᠎ᠠ᠃ ᠮᠣᠩᠭᠤᠯᠴᠤᠳ ᠡᠷᠲᠡᠨ ᠠᠴᠠ ᠪᠠᠨ ᠠᠪᠤᠭᠠᠳ ᠬᠠᠷᠪᠤᠵᠤ ᠨᠠᠮᠨᠠᠬᠤ ᠳᠠᠭᠠᠨ ᠴᠢᠳᠠᠮᠠᠭᠠᠢ ᠪᠠᠶᠢᠳᠠᠭ ᠨᠢ ᠮᠥᠰᠥᠨ ᠳᠡᠭᠡᠷᠡᠬᠢ ᠠᠷᠭᠠᠢ ᠶᠢᠨ ᠦᠨᠳᠦᠰᠦᠨ ᠪᠣᠯᠪᠠᠰᠤᠷᠠᠯ ᠲᠠᠢ ᠰᠢᠭᠤᠳ ᠬᠤᠯᠪᠣᠭ᠎ᠠ ᠲᠠᠢ ᠶᠤᠮ᠃

ᠬᠠᠮᠠᠭᠠᠯᠠᠨ ᠬᠥᠭᠵᠢᠬᠦᠯᠦᠰᠢᠳᠡᠢ ᠡᠬᠢ ᠪᠠᠶᠠᠯᠢᠬ

ᠮᠥᠰᠥᠨ ᠳᠡᠭᠡᠷᠡᠬᠢ ᠠᠷᠭᠠᠢ ᠨᠠᠭᠠᠳᠤᠮ ᠪᠣᠯ ᠨᠡᠭᠦᠳᠡᠯ ᠮᠠᠯᠵᠢᠯ ᠤᠨ ᠦᠢᠯᠡᠳᠪᠦᠷᠢᠯᠡᠯ ᠠᠮᠢᠳᠤᠷᠠᠯ ᠤᠨ ᠰᠠᠭᠤᠷᠢᠨ ᠳᠡᠭᠡᠷ᠎ᠡ ᠪᠤᠢ ᠪᠤᠯᠤᠬᠰᠠᠨ ᠶᠤᠮ᠃ ᠲᠤᠰ ᠨᠠᠭᠠᠳᠤᠮ ᠨᠢ ᠦᠨᠳᠦᠰᠦᠲᠡᠨ ᠤ ᠤᠨᠴᠠᠯᠢᠬ᠂ ᠮᠠᠯᠵᠢᠬᠤ ᠰᠤᠶᠤᠯ ᠤᠨ ᠤᠨᠴᠠᠯᠢᠬ᠂ ᠭᠠᠵᠠᠷ ᠤᠷᠤᠨ ᠤ ᠤᠨᠴᠠᠯᠢᠬ ᠢ ᠬᠠᠲᠠᠭᠠᠯᠠᠬᠰᠠᠨ ᠪᠤᠯᠬᠤᠷ ᠴᠢᠬᠤᠯᠠ ᠶᠡᠭᠡ ᠰᠤᠶᠤᠯ ᠰᠤᠳᠤᠯᠤᠯ ᠤᠨ ᠦᠨ᠎ᠡ ᠦᠷᠳᠡᠭ ᠲᠠᠢ ᠪᠠᠶᠢᠲᠠᠭ ᠠᠵᠢ᠃ ᠮᠦᠰᠦᠨ ᠲᠡᠭᠡᠷᠡᠬᠢ ᠠᠷᠭᠠᠢ ᠨᠠᠭᠠᠲᠤᠮ ᠢ ᠠᠭᠤᠳᠠᠯᠬᠤ ᠰᠤᠳᠤᠯᠬᠤ ᠨᠢ ᠡᠷᠲᠡᠨ ᠤ ᠮᠣᠩᠭᠤᠯᠴᠤᠳ ᠤᠨ ᠬᠦᠨ ᠤᠬᠠᠭᠠᠨ᠂ ᠪᠡᠶ᠎ᠡ ᠶᠢᠨ ᠲᠠᠮᠢᠷ ᠰᠤᠶᠤᠯ ᠵᠢᠴᠢ ᠨᠡᠶᠢᠬᠡᠮ ᠤᠨ ᠬᠠᠮᠢᠶ᠎ᠠ ᠪᠦᠬᠦᠢ ᠠᠰᠠᠭᠤᠳᠠᠯ ᠢ ᠯᠠᠪᠰᠢᠷᠠᠭᠤᠯᠤᠨ ᠰᠤᠲᠤᠯᠬᠤ ᠳᠤ ᠮᠠᠰᠢ ᠴᠢᠬᠤᠯᠠ ᠦᠢᠯᠡᠲᠦᠯ ᠲᠠᠢ ᠪᠠᠶᠢᠲᠠᠭ᠃

ᠨᠡᠶᠢᠭᠡᠮ ᠤᠨ ᠬᠤᠪᠢᠷᠠᠯᠲᠠ ᠠᠴᠠ ᠪᠤᠯᠵᠦ ᠰᠤᠶᠤᠯ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠬᠡᠯᠪᠡᠷᠢ ᠨᠢ ᠴᠤ ᠲᠠᠰᠤᠷᠠᠯᠳᠠ ᠥᠬᠡᠢ ᠬᠤᠪᠢᠷᠠᠨ ᠰᠢᠨᠠᠳᠴᠤ ᠪᠠᠶᠢᠳᠠᠬ᠃ ᠠᠷᠤ ᠬᠤᠷᠴᠢᠨ ᠬᠤᠰᠢᠭᠤᠨ ᠤ ᠰᠤᠶᠤᠯ ᠪᠡᠶ᠎ᠠ ᠶᠢᠨ ᠲᠠᠮᠢᠷ ᠷᠠᠳᠢᠣ᠋ ᠲᠧᠯᠸᠢᠰ ᠤᠨ ᠲᠤᠪᠴᠢᠶ᠎ᠠ ᠶᠢᠨ ᠬᠠᠷᠢᠭᠤᠴᠠᠯᠭᠠᠳᠠᠳ ᠠᠷᠭᠠᠢ ᠨᠠᠭᠠᠳᠤᠮ ᠤᠨ ᠬᠤᠪᠢᠷᠠᠯᠳᠠ ᠬᠥᠭᠵᠢᠯᠳᠠ ᠶᠢᠨ ᠲᠤᠬᠠᠢ ᠢᠡᠭᠬᠢᠵᠦ ᠬᠤᠷᠢᠶᠠᠩᠭᠤᠢᠢᠯᠠᠬᠰᠠᠨ ᠪᠠᠶᠢᠨ᠎ᠠ᠄ ᠨᠢᠬᠡ ᠳᠤ᠂ ᠦᠡᠭᠭᠡᠷᠡᠭᠰᠡᠨ ᠤ ᠨᠡᠬᠦᠳᠡᠯ ᠮᠠᠯᠵᠢᠯ ᠤᠨ ᠦᠢᠯᠡᠳᠪᠦᠷᠢᠯᠡᠯ ᠠᠮᠢᠲᠤᠷᠠᠯ ᠤᠨ ᠤᠨᠴᠠᠯᠢᠬ ᠠᠴᠠ ᠪᠤᠯᠵᠦ᠂ ᠮᠤᠩᠭᠤᠯᠴᠤᠳ ᠤᠨ ᠰᠣᠶᠣᠯ ᠲᠠᠮᠢᠷ ᠨᠢ ᠴᠦ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠣᠨᠴᠠᠯᠢᠭ ᠢᠶᠠᠨ ᠬᠠᠳᠠᠭᠠᠯᠠᠵᠥ᠂ ᠬᠠᠬᠢᠷ ᠬᠦᠢᠲᠡᠨ ᠡᠪᠦᠯ ᠤᠨ ᠤᠯᠠᠷᠢᠯ ᠳᠤ ᠠᠩ ᠬᠦᠷᠦᠬᠡ ᠠᠩᠨᠠᠬᠤ ᠠᠴᠠ ᠭᠠᠳᠠᠨ᠎ᠠ᠂ ᠮᠥᠰᠥᠨ ᠳᠡᠭᠡᠷᠡᠬᠢ ᠠᠷᠭᠠᠢ ᠨᠠᠭᠠᠳᠤᠮ ᠪᠣᠯ ᠪᠡᠶ᠎ᠡ ᠪᠠᠨ ᠴᠢᠬᠢᠷᠠᠭᠵᠢᠭᠤᠯᠬᠤ ᠬᠠᠮᠤᠭ ᠤᠨ ᠰᠠᠶᠢᠨ ᠲᠠᠮᠢᠷ ᠤᠨ ᠬᠥᠳᠡᠯᠭᠡᠭᠡᠨ ᠪᠤᠯᠵᠥ ᠪᠠᠶᠢᠪᠠ᠃ ᠬᠡᠪᠡᠴᠦ ᠣᠳᠣ ᠦᠶ᠎ᠡ ᠶᠢᠨ ᠰᠠᠭᠤᠷᠢᠰᠢᠯ ᠠᠮᠢᠲᠤᠷᠠᠯ ᠤᠨ ᠤᠨᠴᠠᠯᠢᠬ ᠨᠢ ᠤᠰᠤᠨ ᠤ ᠲᠤᠩᠭᠠᠯᠠᠭ ᠡᠪᠡᠰᠦᠨ ᠤ ᠰᠤᠷᠭᠤᠭ ᠢ ᠳᠠᠭᠠᠵᠦ ᠮᠠᠯᠵᠢᠲᠠᠭ ᠨᠡᠭᠦᠳᠡᠯ ᠠᠮᠢᠳᠤᠷᠠᠯ ᠲᠠᠢ ᠬᠠᠷᠢᠴᠠᠭᠤᠯᠪᠠᠯ᠂ ᠨᠠᠭᠤᠷ ᠲᠣᠭᠤᠷᠢᠮ ᠪᠠ ᠭᠤᠣᠯ ᠮᠥᠷᠡᠨ ᠠᠴᠠ ᠬᠠᠷᠢᠴᠠᠩᠭᠤᠢ ᠬᠤᠯᠠᠳᠠᠭᠰᠠᠨ ᠰᠢᠭ᠋ ᠪᠤᠯᠵᠠᠢ᠃ ᠡᠳᠡᠭᠡᠷ ᠨᠢ ᠪᠤᠰᠤᠳᠴᠢ ᠲᠠᠯ᠎ᠠ ᠠᠴᠠ ᠮᠥᠰᠥᠨ ᠳᠡᠭᠡᠷᠡᠬᠢ ᠠᠷᠭᠠᠢ ᠨᠠᠭᠠᠲᠤᠮ ᠤᠨ ᠪᠠᠶᠢᠡᠭᠭᠤ ᠶᠢᠨ ᠴᠢᠨᠠᠷᠲᠠᠢ ᠵᠤᠬᠢᠶᠠᠨ ᠪᠠᠶᠢᠭᠤᠯᠤᠬᠲᠠᠬᠤ ᠶᠢ ᠬᠠᠷᠰᠢᠯᠠᠬᠤ ᠬᠦᠴᠦᠨ ᠵᠦᠢᠯ ᠪᠤᠯᠤᠬᠰᠨᠨ ᠪᠠᠶᠢᠨ᠎ᠠ᠃ ᠰᠠᠭᠤᠷᠢᠰᠢᠯ ᠠᠮᠢᠲᠤᠷᠠᠯ ᠤᠨ ᠤᠨᠴᠠᠯᠢᠭ ᠲᠤ ᠲᠤᠬᠢᠷᠠᠬᠰᠠᠨ ᠡᠯ᠎ᠡ ᠵᠦᠢᠯ ᠤᠨ ᠪᠥᠮᠪᠦᠭᠡ ᠶᠢᠨ ᠲᠥᠷᠥᠯ ᠪᠠ ᠰᠢᠲᠠᠷ᠎ᠠ ᠶᠢᠨ ᠲᠥᠷᠥᠯ ᠵᠦᠢᠯ ᠨᠢ ᠤᠲᠠᠭᠠᠨ ᠳᠠᠭᠠᠨ ᠨᠡᠩ ᠤᠯᠠᠨ ᠬᠦᠮᠦᠰ ᠢ ᠲᠠᠲᠠᠬᠤ ᠪᠤᠯᠪᠠ᠃ ᠬᠤᠶᠠᠷ ᠲᠤ᠂ ᠬᠤᠳᠠ ᠪᠠᠯᠭᠠᠰᠤᠵᠢᠯᠳᠡ ᠶᠢᠨ ᠨᠥᠯᠥᠭᠡ ᠠᠴᠠ ᠪᠤᠯᠤᠬᠰᠠᠨ ᠪᠠᠶᠢᠨ᠎ᠠ᠃ ᠤᠲᠤ ᠬᠤᠲᠠ ᠤᠷᠤᠭᠰᠠᠨ ᠮᠤᠩᠭᠤᠯᠴᠤᠳ ᠤᠨ ᠲᠤᠭ᠎ᠠ ᠬᠡᠮᠵᠢᠶ᠎ᠡ ᠶᠢᠨ ᠨᠡᠮᠡᠭᠳᠡᠯ ᠪᠠ ᠤᠷᠴᠢᠨ ᠲᠣᠭᠤᠷᠢᠨ ᠤ ᠨᠦᠯᠦᠬᠡᠯᠡᠯ ᠠᠴᠠ ᠪᠤᠯᠵᠦ᠂ ᠨᠡᠩ ᠤᠯᠠᠨ ᠬᠦᠮᠦᠰ ᠤᠨ ᠮᠥᠰᠥᠨ ᠳᠡᠭᠡᠷᠡᠬᠢ ᠠᠷᠭᠠᠢ ᠨᠠᠭᠠᠳᠤᠮ ᠤᠨ ᠬᠥᠳᠡᠯᠭᠡᠭᠡᠨ ᠳᠤ ᠣᠷᠣᠯᠴᠠᠬᠤ ᠪᠤᠯᠤᠮᠵᠢ ᠶᠢ ᠪᠠᠭ᠎ᠠ ᠪᠤᠯᠭᠠᠵᠠᠢ᠃ ᠬᠤᠲᠠ ᠪᠠᠯᠭᠠᠰᠦᠵᠢᠯᠲᠠ᠂ ᠨᠡᠶᠢᠬᠡᠮ ᠠᠵᠦ ᠠᠬᠤᠢ ᠶᠢᠨ ᠬᠦᠭᠵᠢᠯᠳᠡ ᠵᠡᠷᠭᠡ ᠶᠡᠭᠡ ᠲᠠᠯ᠎ᠠ ᠶᠢᠨ ᠰᠢᠯᠲᠠᠭᠠᠨ᠂ ᠠᠷᠭᠠᠢ ᠨᠠᠭᠠᠲᠤᠮ ᠢ ᠤᠢᠢᠯᠠᠭᠠᠬᠤ᠂ ᠠᠷᠭᠠᠢ ᠨᠠᠭᠠᠲᠤᠮ ᠤᠨ ᠲᠦᠷᠢᠮ ᠭᠤᠷᠢᠮ ᠢ ᠮᠡᠳᠡᠬᠦ ᠬᠦᠮᠦᠰ ᠴᠦᠭᠡᠷᠡᠭᠰᠡᠨ ᠵᠡᠷᠭᠡ ᠪᠤᠰᠤᠳᠴᠢ ᠰᠢᠯᠲᠠᠭᠠᠨ ᠠᠴᠠ ᠪᠤᠯᠵᠦ᠂ ᠦᠨᠳᠦᠰᠦᠲᠡᠨ ᠤ ᠪᠡᠶ᠎ᠡ ᠶᠢᠨ ᠲᠠᠮᠢᠷ ᠤᠨ ᠰᠣᠶᠣᠯ ᠤᠨ ᠥᠪ ᠪᠤᠯᠤᠬᠰᠠᠨ ᠮᠥᠰᠥᠨ ᠳᠡᠭᠡᠷᠡᠬᠢ ᠠᠷᠭᠠᠢ ᠨᠠᠭᠠᠳᠤᠮ ᠨᠢ ᠤᠰᠠᠳᠬᠤ ᠠᠶᠤᠯ ᠳᠤ ᠲᠤᠯᠭᠠᠷᠠᠪᠠ᠃   

ᠡᠨᠡ ᠬᠦ ᠬᠤᠪᠤᠷ ᠴᠤᠬᠠᠭ ᠦᠨᠲᠦᠰᠦᠳᠡᠨ ᠤ ᠮᠦᠰᠦᠨ ᠲᠡᠭᠡᠷᠡᠬᠢ ᠲᠠᠮᠢᠷ ᠤᠨ ᠬᠦᠳᠡᠯᠭᠡᠭᠡᠨ ᠤ ᠦᠪ ᠰᠤᠶᠤᠯ ᠢᠶᠠᠨ ᠤᠯᠠᠮ ᠰᠠᠶᠢᠲᠦᠷ ᠤᠯᠠᠮᠵᠢᠯᠠᠨ ᠬᠦᠭᠵᠢᠬᠦᠯᠬᠦ ᠶᠢᠨ ᠲᠦᠯᠦᠬᠡ᠂ ᠠᠷᠤ ᠬᠤᠷᠴᠢᠨ ᠬᠤᠰᠢᠭᠤ ᠨᠢ 2007 ᠤᠨ ᠳᠤ᠂ ᠮᠦᠰᠦᠨ ᠲᠡᠭᠡᠷᠡᠬᠢ ᠠᠷᠭᠠᠢ ᠨᠠᠭᠠᠲᠤᠮ ᠢᠶᠠᠨ ᠦᠪᠡᠷᠳᠡᠭᠡᠨ ᠵᠠᠰᠠᠬᠤ ᠤᠷᠤᠨ ᠤ ᠲᠡᠰ ᠤᠨ ᠪᠤᠲᠠᠰ ᠤᠨ ᠪᠤᠰᠤ ᠰᠤᠶᠤᠯ ᠤᠨ ᠦᠪ ᠤᠨ ᠨᠡᠷᠡᠰ ᠢᠶᠠᠷ ᠪᠦᠷᠢᠳᠭᠡᠬᠦᠯᠵᠦ᠂ ᠬᠠᠨᠰᠦ᠋ᠮ᠎ᠠ ᠰᠤᠮᠤ ᠶᠢᠨ ᠠᠮᠠᠰᠠᠷ ᠭᠠᠴᠠᠭ᠎ᠠ ᠳᠤ ᠪᠠᠰᠠ 《ᠦᠪᠡᠷᠳᠡᠭᠡᠨ ᠵᠠᠰᠠᠬᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ — ᠠᠷᠭᠠᠢ ᠨᠠᠭᠠᠲᠤᠮ ᠢ ᠤᠯᠠᠮᠵᠢᠯᠠᠨ ᠬᠠᠮᠠᠭᠠᠯᠠᠬᠤ ᠰᠠᠭᠤᠷᠢᠨ ᠭᠠᠵᠠᠷ》 ᠤᠨ ᠫᠠᠶᠢᠰᠠ ᠡᠯᠬᠦᠵᠦ᠂ ᠵᠢᠯ ᠪᠦᠷᠢ ᠠᠷᠭᠠᠢ ᠨᠠᠭᠠᠲᠤᠮ ᠢ ᠵᠤᠬᠢᠶᠠᠨ ᠪᠠᠶᠢᠭᠤᠯᠵᠦ᠂ ᠬᠡᠦᠬᠡᠳ ᠪᠠᠭᠠᠴᠤᠳ ᠢ ᠢᠯᠡᠬᠦᠬᠡᠨ ᠤᠷᠤᠯᠴᠠᠭᠤᠯᠵᠦ᠂ ᠠᠷᠭᠠᠢ ᠨᠠᠭᠠᠲᠤᠮ ᠤᠨ ᠶᠤᠰᠤ ᠭᠤᠷᠢᠮ ᠢ ᠤᠯᠠᠮᠵᠢᠯᠠᠨ᠂ ᠨᠡᠩ ᠤᠯᠠᠨ ᠬᠦᠮᠦᠰ ᠲᠤ ᠠᠷᠭᠠᠢ ᠨᠠᠭᠠᠲᠤᠮ ᠢ ᠲᠠᠨᠢᠭᠤᠯᠤᠨ᠂ ᠲᠡᠲᠡᠨᠤᠰ ᠢ ᠠᠷᠭᠠᠢ ᠨᠠᠭᠠᠲᠤᠮ ᠳᠤ ᠢᠯᠡᠬᠦᠬᠡᠨ ᠤᠷᠤᠯᠴᠠᠬᠤ ᠶᠢ ᠨᠢ ᠵᠤᠷᠢᠬᠵᠢᠭᠤᠯᠵᠦ᠂ ᠠᠷᠭᠠᠢ ᠨᠠᠭᠠᠲᠤᠮ ᠢᠶᠠᠨ ᠤᠯᠠᠮ ᠴᠠᠭᠠᠰᠢᠲᠠ ᠬᠦᠭᠵᠢᠬᠦᠯᠵᠦ ᠪᠤᠢ᠃ ᠤᠢᠢᠯᠠᠭᠠᠭᠰᠠᠨ ᠢᠶᠠᠷ᠂ ᠤᠲᠤ ᠠᠷᠤ ᠬᠤᠷᠴᠢᠨ ᠬᠤᠰᠢᠭᠤ ᠨᠢ ᠠᠷᠭᠠᠢ ᠨᠠᠭᠠᠲᠤᠮ ᠢᠶᠠᠨ ᠶᠠᠭ ᠰᠠᠶᠢᠬᠠᠨ ᠤᠯᠤᠰ ᠤᠨ ᠲᠡᠰ ᠤᠨ ᠪᠤᠲᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠢᠶᠠᠷ ᠪᠦᠷᠢᠳᠭᠡᠬᠦᠯᠬᠦ ᠪᠠᠷ ᠮᠡᠳᠡᠬᠦᠯᠦᠬᠡᠳ ᠪᠠᠶᠢᠨ᠎ᠠ᠃

《ᠲᠤᠰᠬᠠᠶ ᠮᠡᠷᠭᠡᠵᠢᠯᠲᠡᠨ ᠢᠶᠠᠷ ᠵᠢᠯᠣᠭᠤᠳᠣᠭᠤᠯᠤᠭᠰᠠᠨ᠂ ᠠᠷᠤ ᠬᠤᠷᠴᠢᠨ ᠬᠤᠰᠢᠭᠤᠨ ᠤ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠠᠷᠤ ᠬᠤᠷᠴᠢᠨ ᠬᠤᠰᠢᠭᠤᠨ ᠤ ᠮᠥᠰᠥᠨ ᠳᠡᠭᠡᠷᠡᠬᠢ ᠠᠷᠭᠠᠢ ᠨᠠᠭᠠᠳᠤᠮ ᠤᠨ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠰᠤᠶᠤᠯ ᠤᠨ ᠥᠪ ᠢ ᠬᠠᠮᠠᠭᠠᠯᠠᠬᠤ ᠤᠳᠤᠷᠢᠳᠬᠤ ᠳᠤᠭᠤᠶᠢᠯᠠᠩ ᠪᠠ ᠠᠷᠤ ᠬᠤᠷᠴᠢᠨ ᠬᠤᠰᠢᠭᠤ ᠶᠢᠨ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠬᠠᠷᠢᠭᠤᠴᠠᠯᠭᠠᠲᠠᠨ ᠪᠣᠯᠭᠠᠭᠰᠠᠨ ᠠᠷᠤ ᠬᠤᠷᠴᠢᠨ ᠬᠤᠰᠢᠭᠤᠨ ᠤ ᠮᠥᠰᠥᠨ ᠳᠡᠭᠡᠷᠡᠬᠢ ᠠᠷᠭᠠᠢ ᠨᠠᠭᠠᠳᠤᠮ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠰᠤᠶᠤᠯ ᠤᠨ ᠥᠪ ᠢ ᠬᠠᠮᠠᠭᠠᠯᠠᠬᠤ ᠠᠵᠢᠯ ᠤᠨ ᠠᠯᠪᠠᠨ ᠭᠡᠷ ᠢ ᠪᠠᠶᠢᠭᠤᠯᠵᠤ᠂ ᠰᠤᠶᠤᠯ ᠤᠨ ᠥᠪ ᠢ ᠠᠭᠤᠳᠠᠯᠬᠤ᠂ ᠠᠪᠤᠷᠠᠨ ᠬᠠᠮᠠᠭᠠᠯᠠᠬᠤ᠂ ᠬᠦᠭᠵᠢᠬᠦᠯᠬᠦ ᠠᠵᠢᠯ ᠢ ᠰᠢᠰᠲ᠋ᠧᠮᠵᠢᠬᠦᠯᠦᠨ ᠵᠤᠬᠢᠶᠠᠨ ᠪᠠᠶᠢᠭᠤᠯᠪᠠᠯ ᠵᠤᠬᠢᠨ᠎ᠠ》 ᠬᠡᠵᠥ ᠪᠦᠬᠡᠪᠠᠭᠠᠲᠦᠷ ᠠᠷᠭᠠᠢ ᠨᠠᠭᠠᠲᠤᠮ ᠢ ᠭᠡᠷᠬᠢᠨ ᠤᠯᠠᠮᠵᠢᠯᠠᠵᠦ ᠬᠦᠭᠵᠢᠬᠦᠯᠬᠦ ᠲᠤᠬᠠᠢ ᠦᠪᠡᠷ ᠤᠨ ᠰᠠᠨᠠᠯ ᠪᠤᠲᠤᠯ ᠪᠠ ᠬᠤᠵᠢᠮ ᠤᠨ ᠠᠵᠢᠯ ᠤᠨ ᠲᠦᠯᠦᠪᠯᠡᠭᠡ ᠪᠠᠨ ᠰᠤᠷᠪᠤᠯᠵᠢᠯᠠᠬᠴᠢ ᠳᠤ ᠶᠠᠷᠢᠵᠦ ᠪᠢᠯᠡ᠃ ᠠᠷᠭᠠᠢ ᠬᠠᠷᠪᠤᠭᠠᠴᠢ ᠶᠢ ᠬᠦᠮᠦᠵᠢᠬᠦᠯᠬᠦ᠂ ᠠᠷᠭᠠᠢ ᠬᠢᠬᠦ ᠠᠷᠭ᠎ᠠ ᠮᠠᠶ᠋ᠢᠭ ᠢ ᠦᠪᠯᠡᠨ ᠤᠯᠠᠮᠵᠢᠯᠠᠬᠤ᠂ ᠮᠥᠰᠥᠨ ᠳᠡᠭᠡᠷᠡᠬᠢ ᠠᠷᠭᠠᠢ ᠨᠠᠭᠠᠲᠤᠮ ᠤᠨ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠡᠯ᠎ᠡ ᠵᠦᠶ᠋ᠯ ᠤᠨ ᠳᠦᠷᠢᠮ ᠵᠡᠷᠭᠡ ᠶᠢ ᠤᠯᠠᠮ ᠴᠠᠭᠠᠰᠢᠲᠠ ᠲᠦᠷᠢᠮᠵᠢᠬᠦᠯᠬᠦ ᠵᠡᠷᠭᠡ ᠪᠤᠯ ᠬᠤᠵᠢᠮ ᠬᠤᠶᠢᠰᠢᠲᠠ ᠠᠯᠬᠤᠮ ᠬᠤᠪᠢᠶᠠᠵᠦ᠂ ᠲᠦᠷᠦᠯᠵᠢᠬᠦᠯᠦᠨ ᠬᠦᠢᠴᠡᠳᠭᠡᠬᠦ ᠴᠢᠬᠤᠯᠠᠲᠠᠢ ᠠᠵᠢᠯ ᠤᠳ ᠪᠤᠯᠤᠨ᠎ᠠ᠃ 

(ᠲᠤᠰ ᠵᠤᠬᠢᠶᠠᠯ ᠤᠨ ᠭᠡᠷᠡᠯ ᠵᠢᠷᠤᠬ ᠢ ᠠᠷᠤ ᠬᠤᠷᠴᠢᠨ ᠬᠤᠰᠢᠭᠤ ᠶᠢᠨ ᠰᠤᠶᠤᠯ ᠪᠡᠶ᠎ᠠ ᠶᠢᠨ ᠲᠠᠮᠢᠷ ᠷᠠᠳᠢᠣ᠋ ᠲᠧᠯᠸᠢᠰ ᠲᠤᠪᠴᠢᠶ᠎ᠠ ᠶᠢᠨ ᠪᠥᠬᠡᠪᠠᠭᠠᠳᠤᠷ ᠬᠠᠨᠭ᠍ᠭᠠᠪᠠ)

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ