《ᠢᠨᠲ᠋ᠧᠷ ᠰᠦᠯᠵᠢᠶ᠎ᠡ +》 ᠪᠤᠯ ᠰᠢᠨ᠎ᠡ ᠳᠤᠷᠠᠳᠤᠯᠭ᠎ᠠ ᠪᠢᠰᠢ᠂ 《ᠢᠨᠲ᠋ᠧᠷ ᠰᠦᠯᠵᠢᠶ᠎ᠡ + ᠪᠡᠶ᠎ᠡ ᠶᠢᠨ ᠳᠠᠮᠢᠷ》 ᠨᠢ ᠴᠦ ᠰᠢᠨ᠎ᠡ ᠤᠬᠠᠬᠳᠠᠬᠤᠨ ᠪᠢᠰᠢ᠂ ᠭᠡᠪᠡᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠤᠯᠠᠨ ᠬᠡᠯᠪᠡᠷᠢ ᠶᠠᠩᠵᠤ ᠶᠢᠨ 《ᠢᠨᠲ᠋ᠧᠷ ᠰᠦᠯᠵᠢᠶ᠎ᠡ +》 ᠪᠡᠶ᠎ᠡ ᠶᠢᠨ ᠳᠠᠮᠢᠷ ᠤᠨ ᠤᠷᠤᠯᠳᠤᠭᠠᠨ᠂ ᠲᠠᠮᠢᠷ ᠤᠨ ᠴᠤᠬᠯᠠᠭᠠᠨ᠂ ᠰᠤᠷᠢᠭ᠎ᠠ ᠪᠤᠯᠪᠠᠰᠤᠷᠠᠯ ᠨᠢ ᠡᠨᠡᠬᠦ ᠦᠢᠯᠡᠰ ᠢ ᠬᠦᠭᠵᠢᠯᠳᠡ ᠶᠢᠨ ᠰᠢᠨ᠎ᠡ ᠵᠠᠮ ᠤᠷᠤᠭᠤ ᠬᠦᠳᠦᠯᠵᠠᠢ᠃

ᠦᠨᠡᠨ ᠳᠡᠭᠡᠨ ᠪᠡᠶ᠎ᠡ ᠶᠢᠨ ᠳᠠᠮᠢᠷ ᠤᠨ ᠦᠢᠯᠡᠰ ᠤᠨ ᠬᠦᠭᠵᠢᠯᠳᠡ ᠨᠢ ᠮᠡᠷᠭᠡᠵᠢᠯ ᠤᠨ ᠰᠢᠨ᠎ᠡ ᠡᠭᠦᠳᠦᠯᠳᠡ ᠶᠢ ᠢᠮᠠᠬᠳᠠ ᠳᠠᠭᠠᠵᠤ ᠪᠠᠶᠢᠳᠠᠭ᠃ ᠵᠢᠱᠢᠶᠡᠯᠡᠪᠡᠯ ᠡᠷᠳᠡ ᠦᠶ᠎ᠡ ᠶᠢᠨ 《ᠮᠡᠳᠡᠭᠡᠯᠡᠯ ᠤᠨ ᠦᠷᠢᠰᠦᠯᠳᠦᠯ》 ᠨᠢ ᠵᠠᠮ ᠬᠠᠷᠢᠯᠴᠠᠭ᠎ᠠ ᠳᠦᠭᠦᠮ ᠦᠭᠡᠢ ᠪᠠᠶᠢᠳᠠᠯ ᠳᠤᠤᠷ᠎ᠠ᠂ ᠠᠳᠠᠯᠢ ᠪᠤᠰᠤ ᠭᠠᠵᠠᠷ ᠤᠷᠤᠨ ᠤ ᠳᠠᠮᠢᠷᠴᠢᠨ ᠤ ᠬᠠᠩᠭᠠᠬᠰᠠᠨ ᠤᠷᠤᠯᠳᠤᠭᠠᠨ ᠤ ᠬᠢᠷᠢ ᠪᠦᠲᠦᠮᠵᠢ ᠶᠢ ᠦᠨᠳᠦᠰᠦᠯᠡᠨ ᠲᠤᠬᠠᠢ ᠶᠢᠨ ᠦᠶ᠎ᠡ ᠶᠢᠨ ᠮᠡᠷᠭᠡᠵᠢᠯ ᠤᠨ ᠠᠷᠭ᠎ᠠ ᠬᠡᠯᠪᠡᠷᠢ ᠪᠠᠷ ᠵᠢᠬᠰᠠᠭᠠᠯᠳᠠ ᠬᠢᠵᠤ ᠪᠠᠶᠢᠪᠠ᠃ ᠤᠳᠤ ᠢᠨᠲ᠋ᠧᠷ ᠰᠦᠯᠵᠢᠶ᠎ᠡ ᠶᠢᠨ ᠮᠡᠷᠭᠡᠵᠢᠯ ᠤᠨ ᠬᠦᠭᠵᠢᠯᠳᠡ ᠶᠢ ᠳᠠᠭᠠᠯᠳᠤᠨ 《ᠢᠨᠲ᠋ᠧᠷ ᠰᠦᠯᠵᠢᠶ᠎ᠡ + ᠪᠡᠶ᠎ᠡ ᠶᠢᠨ ᠳᠠᠮᠢᠷ》᠂ ᠤᠨᠴᠠᠭᠠᠢᠢᠯᠠᠨ 《ᠢᠨᠲᠧᠷ ᠰᠦᠯᠵᠢᠶ᠎ᠡ + ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ》 ᠤᠷᠤᠯᠳᠤᠭᠠᠨ ᠳᠤ ᠨᠢᠭᠡᠨᠳᠡ ᠠᠩᠬᠠᠨ ᠤ ᠬᠦᠭᠵᠢᠯᠳᠡ ᠶᠢᠨ ᠬᠠᠨᠳᠤᠰᠢ ᠢᠯᠡᠷᠡᠪᠡ᠃ ᠬᠡᠨᠡᠳᠳᠡ ᠡᠬᠦᠰᠥᠭᠰᠡᠨ ᠠᠶᠤᠯᠳᠤ ᠬᠢᠵᠢᠭ ᠨᠢ ᠢᠨᠲᠧᠷ ᠰᠦᠯᠵᠢᠶ᠎ᠡ ᠪᠤᠯᠤᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠤᠷᠤᠯᠳᠤᠭᠠᠨ᠂ ᠲᠠᠮᠢᠷ ᠤᠨ ᠴᠤᠬᠯᠠᠭᠠᠨ᠂ ᠰᠤᠷᠢᠭ᠎ᠠ ᠪᠤᠯᠪᠠᠰᠤᠷᠠᠯ ᠤᠨ ᠠᠭᠤᠰᠤᠯᠴᠠᠯ ᠤᠨ ᠬᠤᠷᠳᠤᠴᠠ ᠶᠢ ᠲᠦᠷᠭᠡᠳᠭᠡᠵᠤ᠂ ᠭᠡᠷ ᠲᠡᠭᠡᠨ ᠰᠠᠭᠤᠵᠤ ᠬᠢᠵᠢᠭ ᠲᠠᠢ ᠳᠡᠮᠡᠴᠡᠬᠦ ᠬᠤᠭᠤᠴᠠᠭᠠᠨ ᠳᠤ ᠰᠦᠯᠵᠢᠶᠡᠨ ᠳᠡᠭᠡᠷᠡᠬᠢ ᠪᠡᠶ᠎ᠡ ᠶᠢᠨ ᠳᠠᠮᠢᠷ ᠤᠨ ᠬᠦᠳᠡᠯᠭᠡᠭᠡᠨ ᠢ ᠰᠤᠩᠭᠤᠬᠤ ᠬᠦᠮᠦᠰ ᠤᠯᠠᠮ ᠠᠴᠠ ᠤᠯᠠᠮ ᠤᠯᠠᠰᠢᠷᠠᠵᠤ᠂ ᠰᠦᠯᠵᠢᠶᠡᠨ ᠤ ᠪᠡᠶ᠎ᠡ ᠶᠢᠨ ᠳᠡᠮᠢᠷ ᠲᠤ ᠳᠤᠷᠠᠳᠠᠢ ᠪᠤᠯᠵᠤ᠂ ᠰᠦᠯᠵᠢᠶᠡᠨ ᠤ ᠪᠡᠶ᠎ᠡ ᠶᠢᠨ ᠳᠠᠮᠢᠷ ᠲᠤ ᠳᠠᠳᠤᠬᠰᠠᠨ ᠪᠠᠶᠢᠨ᠎ᠠ᠃

《ᠢᠨᠲ᠋ᠧᠷ ᠰᠦᠯᠵᠢᠶ᠎ᠡ + ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ》 ᠤᠷᠤᠯᠳᠤᠭᠠᠨ᠂ ᠲᠠᠮᠢᠷ ᠤᠨ ᠴᠤᠬᠯᠠᠭᠠᠨ᠂ ᠰᠤᠷᠢᠭ᠎ᠠ ᠪᠤᠯᠪᠠᠰᠤᠷᠠᠯ ᠨᠢ ᠶᠠᠭᠤᠨ ᠤ ᠡᠮᠦᠨ᠎ᠡ ᠴᠠᠭ ᠵᠠᠢ ᠶᠢᠨ ᠬᠢᠵᠠᠭᠠᠷᠯᠠᠯ ᠢ ᠠᠷᠢᠯᠭᠠᠵᠤ᠂ ᠭᠡᠷ ᠲᠡᠭᠡᠨ ᠰᠠᠭᠤᠵᠤ ᠪᠠᠶᠢᠭ᠎ᠠ ᠬᠦᠮᠦᠰ ᠲᠤ ᠲᠤᠰᠬᠠᠢ ᠤᠷᠤᠯᠳᠤᠭᠠᠨ ᠤ ᠳᠠᠯᠠᠪᠤᠷ᠂ ᠪᠤᠯᠪᠠᠰᠤᠷᠠᠯ ᠰᠤᠷᠭᠠᠭᠤᠯᠢᠯᠢᠯ ᠤᠨ ᠳᠠᠯᠠᠪᠤᠷ ᠲᠤ ᠤᠴᠢᠬᠤ ᠦᠭᠡᠢ ᠪᠠᠷ 《ᠡᠭᠦᠯᠡᠨ》 ᠤᠷᠤᠯᠳᠤᠭᠠᠨ ᠤ ᠪᠠᠶᠠᠷ ᠪᠠᠭ᠋ᠠᠳᠤᠯ ᠢ ᠡᠳ᠋ᠯᠡᠭᠦᠯᠵᠤ᠂ ᠴᠤ᠋ ᠰᠢᠨ᠎ᠡ ᠤᠷᠤᠯᠳᠤᠭᠠᠨ ᠤ ᠬᠡᠯᠪᠡᠷᠢ ᠨᠢ ᠨᠡᠩ ᠤᠯᠠᠨ ᠬᠦᠮᠦᠰ ᠢ ᠳᠠᠳᠠᠵᠤ ᠴᠢᠳᠠᠬᠰᠠᠨ ᠶᠤᠮ᠃ ᠰᠢᠨ᠎ᠡ ᠶᠢ ᠡᠭᠦᠳᠦᠭᠰᠡᠨ ᠤᠷᠤᠯᠳᠤᠭᠠᠨ᠂ ᠲᠠᠮᠢᠷ ᠤᠨ ᠴᠤᠬᠯᠠᠭᠠᠨ ᠤ ᠬᠡᠯᠪᠡᠷᠢ ᠨᠢ 《ᠬᠠᠭᠤᠴᠢᠨ》 ᠢ ᠡᠪᠳᠡᠬᠦ ᠦᠵᠡᠭᠳᠡᠯ ᠢ ᠴᠦ ᠪᠤᠢ ᠪᠤᠯᠭᠠᠵᠤ᠂ ᠪᠡᠶ᠎ᠠ ᠶᠢᠨ ᠳᠠᠮᠢᠷ ᠤᠨ ᠬᠦᠷᠢᠶᠡᠨ ᠤ ᠪᠤᠰᠤ ᠬᠦᠮᠦᠰ ᠢ ᠡᠨᠡᠬᠦ ᠬᠠᠯᠠᠮᠰᠢᠯ ᠪᠤᠯᠤᠬᠰᠠᠨ ᠪᠡᠶ᠎ᠡ ᠴᠢᠬᠢᠷᠠᠬᠵᠢᠭᠤᠯᠬᠤ ᠠᠵᠢᠯᠯᠠᠭ᠎ᠠ ᠳᠤ ᠲᠠᠳᠠᠨ ᠤᠷᠤᠭᠤᠯᠵᠤ᠂ ᠪᠡᠶ᠎ᠡ ᠴᠢᠬᠢᠷᠠᠬᠵᠢᠭᠤᠯᠬᠤ ᠬᠦᠳᠡᠯᠭᠡᠭᠡᠨ ᠤ ᠤᠯᠠᠨ ᠨᠠᠶᠢᠳᠠᠴᠢ ᠴᠢᠨᠠᠷ ᠪᠠ ᠨᠦᠯᠦᠭᠡᠯᠡᠬᠦ ᠬᠦᠴᠦᠨ ᠢ ᠳᠡᠭᠡᠭᠰᠢᠯᠡᠭᠦᠯᠵᠤ᠂ 《ᠢᠨᠲ᠋ᠧᠷ ᠰᠦᠯᠵᠢᠶ᠎ᠡ +》 ᠳᠠᠪᠴᠠᠩ ᠢ ᠠᠰᠢᠬᠯᠠᠨ ᠤᠯᠤᠰ ᠤᠨ ᠮᠠᠩᠯᠠᠢ᠂ ᠳᠡᠯᠡᠬᠡᠢ ᠶᠢᠨ ᠮᠠᠩᠯᠠᠢ᠂ ᠤᠯᠢᠮᠫᠢᠺ ᠤᠨ ᠮᠠᠩᠯᠠᠢ ᠲᠠᠢ 《ᠨᠢᠭᠤᠷᠳᠠᠨ》 ᠶᠠᠷᠢᠯᠴᠠᠵᠤ᠂ ᠨᠡᠩ ᠴᠢᠨᠠᠬᠰᠢᠯᠠᠨ ᠤᠷᠤᠯᠳᠤᠭᠠᠨ ᠤ ᠲᠠᠯᠠᠪᠠᠢ ᠳᠤ 《ᠭᠠᠷᠴᠤ》 ᠨᠢᠭᠡ ᠳᠠᠯᠠᠪᠤᠷ ᠲᠤ ᠤᠷᠤᠯᠳᠤᠵᠤ ᠴᠢᠳᠠᠬᠤ ᠪᠤᠯᠭᠠᠪᠠ᠃ ᠨᠡᠩ ᠴᠦ 《ᠦᠨᠳᠦᠷ ᠲᠦᠪᠰᠢᠨ》 ᠤ ᠬᠡᠷᠡᠭᠴᠡᠭᠡ ᠱᠠᠭᠠᠷᠳᠠᠯᠭ᠎ᠠ ᠪᠦᠬᠦᠢ ᠪᠡᠶ᠎ᠡ ᠴᠢᠬᠢᠷᠠᠬᠵᠢᠭᠤᠯᠬᠤ ᠪᠠᠭ᠋ᠠᠳᠠᠳ ᠤᠨ ᠬᠦᠰᠡᠯ ᠢ ᠪᠡᠶᠡᠯᠡᠭᠦᠯᠵᠤ᠂ ᠵᠢᠷ ᠤᠨ ᠨᠢᠭᠡ ᠬᠦᠮᠦᠨ ᠤ 《ᠮᠠᠩᠯᠠᠢ》 ᠪᠤᠯᠬᠤ ᠬᠦᠰᠡᠯ ᠢ ᠬᠠᠩᠭᠠᠬᠰᠠᠨ ᠪᠠᠶᠢᠨ᠎ᠠ᠃ ᠨᠡᠩ ᠳᠤᠷᠠᠳᠤᠭᠤᠰᠢᠳᠠᠢ ᠨᠢ ᠭᠡᠪᠡᠯ 《ᠢᠨᠲ᠋ᠧᠷ ᠰᠦᠯᠵᠢᠶ᠎ᠡ + ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ》 ᠤᠷᠤᠯᠳᠤᠭᠠᠨ᠂ ᠲᠠᠮᠢᠷ ᠤᠨ ᠴᠤᠬᠯᠠᠭᠠᠨ᠂ ᠰᠤᠷᠢᠭ᠎ᠠ ᠪᠤᠯᠪᠠᠰᠤᠷᠠᠯ ᠨᠢ ᠤᠬᠤᠷᠬᠠᠨ ᠬᠤᠭᠤᠴᠠᠭᠠᠨ ᠤ ᠳᠤᠳᠤᠷ᠎ᠠ ᠬᠦᠮᠦᠰ ᠤᠨ ᠪᠡᠶ᠎ᠠ ᠮᠠᠬᠠᠪᠤᠳ ᠢᠶᠠᠨ ᠴᠢᠬᠢᠷᠠᠬᠵᠢᠭᠤᠯᠬᠤ ᠵᠤᠷᠢᠯᠲᠠ ᠶᠢ ᠪᠡᠶᠡᠯᠡᠭᠦᠯᠵᠤ᠂ ᠡᠬᠢᠨ ᠤ ᠦᠶ᠎ᠡ ᠶᠢᠨ ᠰᠦᠯᠵᠢᠶᠡᠨ ᠳᠡᠭᠡᠷᠡᠬᠢ ᠦᠰᠦᠭ ᠪᠢᠴᠢᠭ᠂ ᠲᠦᠷᠰᠦᠳᠦ ᠪᠢᠴᠢᠯᠭᠡ ᠶᠢᠨ ᠰᠤᠷᠤᠯᠴᠠᠯᠭ᠎ᠠ ᠶᠢᠨ ᠰᠢᠩᠭᠡᠭᠡᠯᠳᠡ ᠪᠠᠨ ᠤᠷᠤᠯᠳᠤᠭᠠᠨ ᠳᠤ ᠶᠠᠪᠤᠭᠤᠯᠬᠤ ᠬᠡᠳᠦᠨ ᠠᠷᠪᠠᠨ ᠬᠦᠮᠦᠨ ᠠᠴᠠ ᠪᠠᠨ ᠤᠳᠤ ᠬᠡᠳᠦᠨ ᠵᠠᠭᠤᠨ ᠬᠦᠮᠦᠨ᠂ ᠴᠢᠨᠠᠬᠰᠢᠯᠠᠨ ᠮᠢᠩᠭ᠎ᠠ ᠭᠠᠷᠤᠢ ᠬᠦᠮᠦᠨ ᠨᠢᠭᠡ ᠯᠡ ᠳᠡᠯᠭᠡᠴᠡᠨ ᠳᠤ ᠵᠡᠷᠭᠡ ᠪᠠᠷ ᠰᠤᠷᠤᠯᠴᠠᠬᠤ ᠪᠠ ᠤᠷᠤᠯᠳᠤᠭᠠᠨ ᠳᠤ ᠤᠷᠤᠯᠴᠠᠬᠤ ᠪᠤᠯᠵᠤ᠂ ᠬᠦᠮᠦᠰ ᠲᠤ ᠦᠪ ᠦᠨᠡᠨ ᠬᠦ ᠰᠦᠯᠵᠢᠶᠡᠨ ᠤ ᠴᠠᠭ ᠦᠶ᠎ᠡ ᠶᠢᠨ ᠬᠤᠷᠳᠤᠴᠠ ᠪᠠ ᠨᠦᠯᠦᠭᠡᠯᠡᠬᠦ ᠬᠦᠴᠦᠨ ᠢ ᠮᠡᠳᠡᠷᠡᠭᠦᠯᠦᠭᠰᠡᠨ ᠪᠠᠶᠢᠳᠠᠭ᠃

ᠪᠡᠶ᠎ᠡ ᠶᠢᠨ ᠲᠠᠮᠢᠷ ᠤᠨ ᠡᠨᠡᠬᠦ ᠰᠦᠯᠵᠢᠶ᠎ᠡ ᠪᠠᠷ ᠵᠢᠭᠦᠷᠯᠡᠭᠰᠠᠨ ᠰᠢᠨ᠎ᠡ ᠡᠭᠦᠳᠦᠯᠳᠡ ᠮᠠᠬᠳᠠᠭᠤᠰᠢᠲᠠᠢ︕ ᠰᠢᠨ᠎ᠡ ᠶᠢ ᠡᠭᠦᠳᠦᠭᠰᠡᠨ ᠠᠴᠠ ᠪᠤᠯᠵᠤ ᠲᠦᠷᠭᠡᠨ ᠬᠦᠭᠵᠢᠵᠤ ᠪᠠᠶᠢᠭ᠎ᠠ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠠᠵᠢᠯᠯᠠᠭ᠎ᠠ ᠨᠢ ᠨᠡᠩ ᠴᠦ ᠦᠨᠡᠯᠡᠭᠦᠰᠢᠲᠡᠢ︕

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ