ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ 2020 ᠣᠨ ᠤ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ ᠲᠠᠷᠬᠠᠭᠠᠵᠤ᠂ ᠡᠨᠡ ᠵᠢᠯ ᠤᠨ ᠪᠥᠬᠦ ᠣᠷᠣᠨ ᠤ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠠᠵᠢᠯ ᠤᠨ ᠭᠤᠤᠯᠳᠠᠯᠭ᠎ᠠ ᠶᠢ ᠲᠣᠳᠣᠷᠬᠠᠶᠢᠯᠠᠪᠠ᠃

ᠥᠢᠯᠠᠭᠠᠬᠰᠠᠨ ᠢᠶᠠᠷ᠂ ᠡᠨᠡ ᠵᠢᠯ ᠮᠠᠨ ᠤ ᠤᠷᠤᠨ ᠤ ᠪᠡᠶ᠎ᠠ ᠶᠢᠨ ᠲᠠᠮᠢᠷ ᠤᠨ ᠬᠤᠯᠪᠤᠬᠳᠠᠯ ᠪᠥᠬᠦᠢ ᠰᠠᠯᠠᠭ᠎ᠠ ᠮᠥᠴᠢᠷ ᠪᠥᠬᠦ ᠠᠷᠠᠳ ᠢᠶᠠᠷ ᠢᠶᠠᠨ ᠪᠡᠶ᠎ᠡ ᠪᠠᠨ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠡᠩᠬᠡ ᠶᠢᠨ ᠭᠦᠨ ᠠᠭᠤᠰᠤᠯᠴᠠᠯ ᠢ ᠢᠳᠡᠪᠬᠢᠲᠡᠶ ᠪᠠᠷ ᠠᠬᠢᠭᠤᠯᠬᠤ ᠶᠠᠪᠤᠴᠠ ᠳᠤ᠂ ᠪᠡᠶ᠎ᠡ ᠶᠢᠨ ᠲᠠᠮᠢᠷ ᠤᠨ ᠲᠤᠨᠤᠭ ᠲᠥᠬᠦᠭᠡᠷᠦᠮᠵᠢ ᠶᠢ ᠲᠡᠩᠴᠡᠭᠦᠷᠢᠲᠡᠶ ᠪᠠᠶᠢᠭᠤᠯᠬᠤ ᠶᠢ ᠠᠬᠢᠭᠤᠯᠤᠨ᠂ ᠦᠨᠳᠦᠰᠦᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠶ᠋ᠯᠡᠴᠢᠯᠡᠭᠡ ᠶᠢ ᠠᠳᠠᠯᠢ ᠲᠡᠭᠰᠢ ᠪᠣᠯᠭᠠᠨ᠎ᠠ︔ ᠪᠥᠬᠦ ᠠᠷᠠᠳ ᠢᠶᠠᠷ ᠢᠶᠠᠨ ᠪᠡᠶ᠎ᠡ ᠪᠠᠨ ᠴᠢᠭᠢᠷᠠᠭᠵᠢᠭᠤᠯᠬᠤ ᠠᠵᠢᠯᠯᠠᠭ᠎ᠠ ᠶᠢ ᠲᠦᠭᠡᠮᠡᠯᠵᠢᠭᠦᠯᠬᠦ ᠢᠨᠵᠧᠨᠧᠷᠢᠩ ᠵᠡᠷᠭᠡ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠤ ᠰᠦᠶ᠋ᠳᠬᠡᠯ ᠬᠤᠷᠢᠶᠠᠬᠤ ᠦᠭᠡᠢ ᠪᠤᠶᠤ ᠰᠦᠶ᠋ᠳᠬᠡᠯ ᠪᠠᠭ᠎ᠠ ᠬᠤᠷᠢᠶᠠᠵᠤ ᠴᠢᠯᠥᠭᠡᠲᠡᠶ ᠨᠡᠭᠡᠭᠡᠬᠦ ᠦᠶ᠋ᠯᠡᠴᠢᠯᠡᠭᠡᠨ ᠤ ᠠᠵᠢᠯ ᠢ ᠢᠳᠡᠪᠬᠢᠲᠡᠶ ᠪᠠᠷ ᠠᠬᠢᠭᠤᠯᠤᠨ᠎ᠠ︔ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2021 ᠣᠨ ᠤ ᠲᠣᠮᠣ ᠬᠡᠯᠪᠡᠷᠢ ᠶᠢᠨ ᠲᠠᠯᠠᠪᠠᠶ ᠣᠷᠳᠣᠨ ᠤ ᠰᠦᠶ᠋ᠳᠬᠡᠯ ᠬᠤᠷᠢᠶᠠᠬᠤ ᠥᠬᠡᠶ ᠪᠤᠶᠤ ᠳᠣᠤᠷ᠎ᠠ ᠰᠦᠶ᠋ᠳᠬᠡᠯ ᠬᠤᠷᠢᠶᠠᠵᠤ ᠨᠥᠬᠦᠪᠥᠷᠢ ᠥᠭᠬᠦ ᠭᠤᠶᠤᠴᠢᠯᠠᠯ ᠤᠨ ᠠᠵᠢᠯ ᠢ ᠰᠠᠶᠢᠲᠤᠷ ᠬᠢᠬᠦ ᠪᠤᠯᠤᠨ᠎ᠠ᠃ ᠡᠬᠦᠨ ᠠᠴᠠ ᠭᠠᠳᠠᠨ᠎ᠠ᠂ ᠪᠥᠬᠦ ᠣᠷᠣᠨ ᠤ ᠡᠯ᠎ᠡ ᠠᠶᠢᠮᠠᠭ ᠬᠤᠲᠠ ᠵᠢᠴᠢ ᠬᠠᠮᠢᠶ᠎ᠠ ᠪᠥᠬᠦᠶ ᠨᠢᠭᠡᠴᠢ ᠨᠦᠭᠦᠳ ᠪᠥᠬᠦ ᠠᠷᠠᠳ ᠢᠶᠠᠷ ᠢᠶᠠᠨ ᠪᠡᠶ᠎ᠡ ᠪᠠᠨ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠡᠩᠬᠡ ᠶᠢᠨ ᠭᠦᠨ ᠠᠭᠤᠰᠤᠯᠴᠠᠯ ᠢ ᠠᠬᠢᠭᠤᠯᠬᠤ ᠪᠣᠳᠠᠲᠠᠶ ᠠᠵᠢᠯ ᠤᠨ ᠲᠥᠰᠦᠯ ᠪᠠ ᠲᠦᠷᠢᠮ ᠢ ᠲᠣᠭᠲᠠᠭᠠᠵᠤ᠂ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠪᠤᠯᠤᠨ᠎ᠠ᠃( ᠪᠤᠤ ᠦᠷᠭᠡᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ