ᠥᠪᠥᠷ ᠮᠣᠩᠭᠤᠯ ᠤᠨ ᠵᠥᠩ ᠶᠢᠦ ᠠᠵᠢᠯ ᠮᠡᠷᠭᠡᠵᠢᠯ ᠤᠨ ᠬᠥᠯ ᠪᠥᠮᠪᠦᠭᠡ ᠶᠢᠨ ᠺᠯᠦ᠋ᠪ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠢ ᠴᠢᠩᠭ᠎ᠠ ᠬᠡᠷᠡᠭᠵᠢᠭᠦᠯᠬᠦ ᠪᠠᠷ ᠳᠠᠮᠵᠢᠭᠤᠯᠤᠨ ᠪᠥᠮᠪᠥᠭᠡᠨ ᠠᠩᠭᠢ ᠶᠢᠨ ᠲᠥᠪᠯᠡᠷᠡᠭᠦᠯᠦᠨ ᠪᠣᠯᠪᠠᠰᠤᠷᠠᠭᠤᠯᠬᠤ ᠨᠠᠷᠢᠨ ᠲᠣᠳᠣᠷᠬᠠᠶ ᠲᠥᠰᠦᠯ ᠢ ᠲᠤᠭᠳᠠᠭᠠᠵᠦ᠂ ᠤᠢᠢᠷ᠎ᠠ ᠳᠤ᠂ ᠰᠦᠵᠧᠦ ᠶᠢᠨ ᠲᠠᠢ ᠬᠤ᠋ ᠬᠥᠯ ᠪᠥᠮᠪᠦᠭᠡ ᠶᠢᠨ ᠬᠥᠳᠡᠯᠭᠡᠭᠡᠨ ᠤ ᠲᠥᠪ ᠲᠤ ᠰᠢᠨ᠎ᠡ ᠨᠢᠭᠡ ᠡᠭᠡᠯᠵᠢ ᠶᠢᠨ ᠪᠢᠲᠡᠭᠦᠮᠵᠢᠯᠡᠭᠰᠡᠨ ᠬᠡᠯᠪᠡᠷᠢ ᠶᠢᠨ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ ᠢᠶᠠᠨ ᠡᠬᠢᠯᠡᠭᠦᠯᠤᠨ᠂ 2020 ᠣᠨ ᠤ ᠰᠢᠨ᠎ᠡ ᠤᠷᠤᠯᠳᠤᠭᠠᠨ ᠤ ᠤᠯᠠᠷᠢᠯ ᠳᠤ ᠤᠷᠤᠯᠴᠠᠬᠤ ᠪᠡᠯᠡᠳᠬᠡᠯ ᠢᠶᠠᠨ ᠴᠢᠩᠭᠠᠳᠬᠠᠵᠥ ᠪᠤᠢ᠃ 

ᠣᠳᠣᠬᠠᠨ ᠳᠤ᠂ ᠲᠠᠮᠢᠷᠴᠢᠳ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ 《ᠬᠠᠪᠤᠷ ᠤᠨ ᠤᠯᠠᠷᠢᠯ ᠤᠨ ᠶᠡᠭᠡ ᠪᠤᠯᠪᠠᠰᠤᠷᠠᠯ》  ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠵᠢᠭᠠᠨ ᠪᠣᠯᠪᠠᠰᠤᠷᠠᠭᠤᠯᠬᠤ ᠳᠤᠭᠤᠶᠢᠯᠠᠩ ᠨᠠᠷᠢᠨ ᠲᠣᠳᠣᠷᠬᠠᠶ ᠪᠣᠯᠪᠠᠰᠤᠷᠠᠯ ᠤᠨ ᠲᠥᠯᠥᠪᠯᠡᠭᠡ ᠶᠢ ᠨᠠᠷᠢᠨ ᠬᠢᠨᠠᠮᠠᠭᠠᠶ ᠰᠤᠳᠤᠯᠤᠨ ᠲᠣᠭᠲᠠᠭᠠᠪᠠ᠃ ᠪᠡᠶ᠎ᠡ ᠶᠢᠨ ᠴᠢᠳᠠᠪᠤᠷᠢ ᠶᠢ ᠴᠢᠩᠭᠠᠳᠬᠠᠬᠤ ᠪᠠᠷ ᠲᠡᠷᠢᠭᠦᠨ ᠴᠢᠬᠤᠯᠠ ᠬᠠᠷᠠᠯᠲᠠ ᠪᠣᠯᠭᠠᠵᠤ᠂ ᠪᠥᠮᠪᠥᠭᠡᠨ ᠠᠩᠭᠢ ᠭᠤᠷᠪᠠᠨ ᠭᠠᠷᠠᠭ ᠤᠨ ᠬᠤᠭᠤᠴᠠᠭ᠎ᠠ ᠲᠠᠢ ᠪᠣᠯᠪᠠᠰᠤᠷᠠᠯ ᠥᠷᠨᠢᠭᠦᠯᠵᠦ᠂ ᠪᠣᠯᠪᠠᠰᠤᠷᠠᠯ ᠤᠨ ᠠᠭᠤᠯᠭ᠎ᠠ ᠨᠢ ᠠᠯᠬᠤᠮ ᠳᠠᠷᠠᠭ᠎ᠠ ᠲᠠᠢ ᠶᠠᠪᠤᠬᠳᠠᠵᠥ ᠪᠤᠢ᠃ ᠲᠠᠮᠢᠷᠴᠢᠳ ᠪᠦᠬᠦ ᠬᠦᠴᠦᠨ ᠢᠶᠠᠷ ᠪᠣᠯᠪᠠᠰᠤᠷᠠᠯ ᠤᠨ ᠬᠢᠴᠢᠶᠡᠯ ᠪᠣᠯᠭᠠᠨ ᠢ ᠪᠡᠶᠡᠯᠡᠭᠦᠯᠵᠦ᠂ ᠪᠡᠶ᠎ᠡ ᠮᠠᠬᠠᠪᠣᠳ ᠤᠨ ᠰᠠᠶᠢᠨ ᠰᠠᠶᠢᠬᠠᠨ ᠪᠠᠶᠢᠳᠠᠯ ᠢᠶᠠᠷ ᠰᠢᠨ᠎ᠡ ᠤᠷᠤᠯᠳᠤᠭᠠᠨ ᠤ ᠤᠯᠠᠷᠢᠯ ᠢ ᠤᠭᠲᠤᠵᠤ᠂ 2020 ᠣᠨ ᠤ ᠤᠷᠤᠯᠳᠤᠭᠠᠨ ᠤ ᠤᠯᠠᠷᠢᠯ ᠳᠤ ᠤᠷᠤᠯᠴᠠᠬᠤ ᠪᠡᠯᠡᠳᠬᠡᠯ ᠢᠶᠠᠨ ᠰᠠᠶᠢᠳᠤᠷ ᠬᠢᠵᠥ ᠪᠤᠢ᠃(ᠪᠤᠤ ᠦᠷᠭᠡᠨ)

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ