ᠰᠤᠷᠪᠤᠯᠵᠢᠯᠠᠭᠴᠢ ᠥᠢᠷ᠎ᠠ ᠳᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠦᠴᠤᠸᠠᠨ ᠤ ᠪᠣᠯᠪᠠᠰᠤᠷᠠᠯ ᠤᠨ ᠰᠠᠭᠤᠷᠢᠨ ᠳᠤ ᠬᠥᠷᠬᠦ ᠳᠤ᠂ ᠤᠯᠤᠰ ᠤᠨ ᠠᠩᠭᠢ ᠳᠤ ᠪᠠᠶᠢᠭ᠎ᠠ ᠮᠠᠨ ᠤ ᠤᠷᠤᠨ ᠤ ᠠᠯᠬᠤᠭ᠎ᠠ ᠤᠷᠤᠯᠳᠤᠭᠠᠨ ᠤ ᠲᠠᠮᠢᠷᠴᠢᠨ ᠶᠠᠩ ᠵᠢᠶᠠ ᠢᠦᠶ ᠶᠠᠬ ᠰᠠᠶᠢᠬᠠᠨ ᠰᠤᠷᠢᠭ᠎ᠠ ᠪᠤᠯᠪᠠᠰᠤᠷᠠᠯ ᠳᠠᠭᠠᠨ ᠶᠠᠭᠠᠷᠠᠵᠥ ᠪᠠᠶᠢᠯ᠎ᠠ᠃ ᠲᠡᠷᠡ ᠡᠳᠤᠷ ᠪᠤᠯᠭᠠᠨ 4 — 5 ᠴᠠᠭ᠂ ᠠᠷᠪᠠᠨ ᠬᠡᠳᠦᠨ ᠺᠢᠯᠣᠮᠧᠲᠷ ᠤᠨ ᠠᠯᠬᠤᠭ᠎ᠠ ᠤᠷᠤᠯᠳᠤᠭᠠᠨ ᠤ ᠪᠣᠯᠪᠠᠰᠤᠷᠠᠯ ᠢ ᠬᠥᠢᠴᠡᠳᠭᠡᠳᠡᠭ ᠬᠡᠵᠤ ᠪᠠᠶᠢᠯ᠎ᠠ᠃

ᠶᠠᠩ ᠵᠢᠶᠠ ᠢᠦᠶ ᠲᠤᠮᠤ ᠬᠡᠯᠪᠡᠷᠢ ᠶᠢᠨ ᠤᠷᠤᠯᠳᠤᠭᠠᠨ ᠳᠤ ᠣᠷᠣᠯᠴᠠᠭᠰᠠᠨ ᠠᠴᠠ ᠨᠠᠭᠠᠰᠢ᠂ ᠤᠷᠢᠳ ᠬᠤᠵᠢᠳ ᠯᠣᠨᠳᠣᠨ ᠤ ᠬᠦᠨᠳᠦ ᠬᠥᠩᠭᠡᠨ ᠪᠡᠶ᠎ᠠ ᠶᠢᠨ ᠲᠠᠮᠢᠷ ᠤᠨ ᠳᠡᠯᠡᠬᠡᠶ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠡᠮᠡᠭᠲᠡᠶ ᠶᠢᠨ 20 ᠺᠢᠯᠣᠮᠧᠲᠷ ᠤᠨ ᠠᠯᠬᠤᠭ᠎ᠠ ᠤᠷᠤᠯᠳᠤᠭᠠᠨ ᠤ ᠮᠠᠩᠯᠠᠶ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠡᠮᠡᠭᠲᠡᠶ ᠶᠢᠨ 20 ᠺᠢᠯᠣᠮᠧᠲᠷ ᠤᠨ ᠠᠯᠬᠤᠭ᠎ᠠ ᠤᠷᠤᠯᠳᠤᠭᠠᠨ ᠤ ᠮᠠᠩᠯᠠᠶ᠂ ᠣᠯᠠᠨ ᠤᠯᠤᠰ ᠤᠨ ᠬᠦᠨᠳᠦ ᠬᠥᠩᠭᠡᠨ ᠪᠡᠶ᠎ᠠ ᠶᠢᠨ ᠲᠠᠮᠢᠷ ᠤᠨ ᠬᠤᠯᠪᠣᠭᠠᠨ ᠤ ᠳᠡᠯᠡᠬᠡᠶ ᠶᠢᠨ ᠠᠯᠬᠤᠭ᠎ᠠ ᠤᠷᠤᠯᠳᠤᠭᠠᠨ ᠤ ᠬᠠᠮᠳᠤ ᠨᠢᠬᠡᠴᠢ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠡᠮᠡᠭᠲᠡᠶ ᠶᠢᠨ ᠨᠠᠰᠤᠨ ᠳᠤ ᠬᠦᠷᠦᠭᠰᠡᠳ ᠤᠨ ᠳᠤᠭᠤᠢᠢᠯᠠᠩ ᠤᠨ ᠮᠠᠩᠯᠠᠶ᠂ ᠵᠠᠺᠠᠷᠳᠠ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠤ ᠡᠮᠡᠭᠲᠡᠶ ᠶᠢᠨ 20 ᠺᠢᠯᠣᠮᠧᠲᠷ ᠤᠨ ᠠᠯᠬᠤᠭ᠎ᠠ ᠤᠷᠤᠯᠳᠤᠭᠠᠨ ᠤ ᠮᠠᠩᠯᠠᠶ ᠵᠡᠷᠭᠡ ᠪᠠᠷ ᠲᠤᠳᠤᠷᠠᠵᠤ᠂ ᠮᠠᠨ ᠤ ᠤᠷᠤᠨ ᠤ ᠰᠢᠯᠢᠳᠡᠭ ᠲᠠᠮᠢᠷᠴᠢᠨ ᠤ ᠭᠠᠯᠪᠢᠷ ᠳᠦᠷᠬᠦ ᠶᠢ ᠢᠯᠡᠷᠡᠭᠦᠯᠦᠭᠰᠡᠨ ᠪᠠᠶᠢᠨ᠎ᠠ᠃

ᠶᠠᠩ ᠵᠢᠶᠠ ᠢᠦᠶ ᠲᠤᠤᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠤᠷᠤᠯᠴᠠᠬᠤ ᠡᠷᠭᠡ ᠶᠢ ᠲᠡᠮᠡᠴᠡᠨ ᠤᠯᠤᠬᠰᠠᠨ ᠳᠤᠬᠠᠢ ᠳᠠᠭᠠᠨ᠄ 《ᠤᠷᠤᠯᠳᠤᠭᠠᠨ ᠤ ᠪᠡᠯᠡᠳᠬᠡᠯ ᠠᠵᠢᠯ ᠤᠤᠯ ᠤᠨ ᠲᠥᠯᠥᠪᠯᠡᠭᠡ ᠠᠴᠠ ᠪᠠᠨ ᠤᠷᠲᠤ ᠪᠤᠯᠤᠬᠰᠠᠨ ᠨᠢ ᠪᠡᠶ᠎ᠠ ᠰᠡᠳᠬᠢᠯ ᠤᠨ ᠲᠡᠩᠴᠡᠬᠦᠷᠢᠰᠢᠯ ᠤᠨ ᠲᠠᠯ᠎ᠠ ᠪᠠᠷ ᠵᠢᠭᠠᠬᠠᠨ ᠨᠥᠯᠥᠭᠡᠯᠡᠭᠳᠡᠯ᠎ᠠ᠃ ᠭᠡᠪᠡᠴᠦ ᠲᠣᠬᠢᠷᠠᠭᠤᠯᠤᠯᠲᠠ ᠪᠠᠨ ᠰᠠᠶᠢᠳᠤᠷ ᠬᠢᠭᠰᠡᠨ ᠤ ᠳᠠᠷᠠᠭ᠎ᠠ ᠣᠳᠣ ᠬᠡᠪ ᠤᠨ ᠪᠣᠯᠪᠠᠰᠤᠷᠠᠯ ᠢᠶᠠᠨ ᠰᠡᠷᠭᠦᠭᠡᠵᠦ᠂ ᠪᠦᠬᠦᠯᠢ ᠴᠣᠭᠴᠠ ᠶᠢᠨ ᠲᠥᠷᠥᠭᠳᠡᠯ ᠨᠡᠯᠢᠶᠡᠳ ᠵᠦᠭᠡᠷ ᠪᠠᠶᠢᠨ᠎ᠠ᠃ ᠥᠩᠭᠡᠷᠡᠭᠰᠡᠨ ᠨᠢᠭᠡ ᠵᠢᠯ ᠤᠨ ᠬᠦᠷᠦᠯᠴᠡᠬᠦ ᠦᠭᠡᠢ ᠲᠠᠯ᠎ᠠ ᠪᠠᠨ ᠨᠥᠬᠦᠪᠥᠷᠢᠯᠡᠵᠦ᠂ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠬᠤ ᠪᠢᠯᠧᠲ ᠲᠡᠭᠡᠨ ᠬᠠᠷᠠᠮᠰᠠᠯ ᠦᠯᠡᠳᠡᠭᠡᠬᠦ ᠦᠭᠡᠢ︕》 ᠬᠡᠵᠥ ᠲᠡᠷᠡ ᠢᠲᠡᠭᠡᠯ ᠲᠡᠬᠦᠯᠳᠡᠷ ᠶᠡᠷᠢᠵᠥ ᠪᠢᠯᠠ᠃ ( ᠪᠤᠤ ᠦᠷᠭᠡᠨ)

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ