ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠴᠢᠳᠠᠪᠤᠷᠢᠲᠠᠨ ᠤ ᠦᠢᠯᠡᠴᠢᠯᠡᠭᠡᠨ ᠤ ᠲᠥᠪ ᠤᠢᠢᠷ᠎ᠠ ᠳᠤ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠠᠰᠢᠬᠯᠠᠨ᠂ ᠲᠠᠭᠤᠷᠢᠶᠠᠮᠠᠯ ᠪᠣᠯᠪᠠᠰᠤᠷᠠᠯ ᠤᠨ ᠬᠢᠴᠢᠶᠡᠯ ᠤᠨ ᠲᠠᠩᠬᠢᠮ ᠢ ᠪᠠᠶᠢᠭᠤᠯᠵᠤ᠂ ᠰᠦᠯᠵᠢᠶᠡᠨ ᠤ ᠰᠢᠭᠤᠳ ᠨᠡᠪᠲᠡᠷᠡᠭᠦᠯᠦᠨ ᠰᠤᠷᠤᠯᠴᠠᠬᠤ ᠲᠠᠪᠴᠠᠩ ᠢ ᠪᠠᠶᠢᠭᠤᠯᠵᠤ᠂ ᠲᠠᠮᠢᠷᠴᠢᠳ ᠤᠨ ᠠᠵᠢᠯ ᠠᠴᠠ ᠪᠠᠨ ᠰᠠᠯᠬᠤ ᠲᠥᠷᠥ ᠶᠢᠨ ᠪᠣᠳᠣᠯᠭ᠎ᠠ ᠶᠢᠨ ᠰᠦᠯᠵᠢᠶᠡᠨ ᠳᠡᠭᠡᠷᠡᠬᠢ ᠬᠠᠪᠰᠤᠷᠤᠨ ᠵᠢᠯᠣᠭᠤᠳᠬᠤ ᠪᠣᠯᠪᠠᠰᠤᠷᠠᠯ ᠤᠨ ᠠᠩᠭᠢ ᠶᠢ ᠡᠷᠭᠢᠯᠡᠭᠰᠡᠨ ᠪᠠᠶᠢᠨ᠎ᠠ᠃ ᠲᠤᠰ ᠤᠳᠠᠭ᠎ᠠ ᠶᠢᠨ ᠪᠤᠯᠪᠠᠰᠤᠷᠠᠯ ᠳᠤ 73 ᠲᠠᠮᠢᠷᠴᠢᠨ ᠣᠷᠣᠯᠴᠠᠵᠠᠶ᠃

ᠲᠤᠰ ᠤᠳᠠᠭ᠎ᠠ ᠶᠢᠨ ᠪᠣᠯᠪᠠᠰᠤᠷᠠᠯ ᠤᠨ ᠶᠠᠪᠤᠴᠠ ᠳᠤ ᠬᠢᠴᠢᠶᠠᠯ ᠲᠠᠶᠢᠯᠥᠮᠵᠢ ᠶᠢᠨ ᠵᠢᠭᠠᠨ ᠵᠢᠯᠥᠭᠤᠳᠤᠬᠴᠢ ᠠᠵᠢᠯ ᠠᠴᠠ ᠪᠠᠨ ᠰᠠᠯᠤᠬᠰᠠᠨ ᠲᠠᠮᠢᠷᠴᠢᠳ ᠨᠡᠶᠢᠭᠡᠮ ᠤᠨ ᠳᠠᠭᠠᠳᠬᠠᠯ ᠢ ᠭᠦᠶ᠋ᠴᠡᠳᠬᠡᠬᠦ ᠠᠯᠬᠤᠮ ᠲᠠᠷᠠᠭ᠎ᠠ᠂ ᠠᠵᠢᠯ ᠠᠴᠠ ᠰᠠᠯᠬᠤ ᠭᠠᠷᠳᠠᠮ ᠤᠨ ᠠᠯᠬᠤᠮ ᠲᠠᠷᠠᠭ᠎ᠠ᠂ ᠲᠠᠮᠢᠷᠴᠢᠳ ᠲᠤ ᠤᠯᠭᠤᠬᠤ ᠠᠵᠤ ᠠᠬᠤᠶ ᠶᠢᠨ ᠨᠥᠬᠦᠪᠥᠷᠢ ᠮᠥᠡᠭᠭᠦ ᠶᠢᠨ ᠲᠥᠷᠥ ᠶᠢᠨ ᠪᠣᠳᠣᠯᠭ᠎ᠠ᠂ ᠠᠵᠢᠯ ᠠᠴᠠ ᠪᠠᠨ ᠰᠠᠯᠤᠬᠰᠠᠨ ᠤ ᠪᠠᠨ ᠳᠠᠷᠠᠭ᠎ᠠ ᠲᠠᠬᠢᠨ ᠠᠵᠢᠯ ᠣᠯᠭᠤᠯᠲᠠ ᠶᠢᠨ ᠪᠤᠯᠪᠠᠰᠤᠷᠠᠯ ᠳᠤ ᠤᠷᠤᠯᠴᠠᠬᠤ ᠶᠢ ᠬᠠᠪᠰᠤᠷᠤᠨ ᠵᠢᠯᠣᠭᠤᠳᠬᠤ ᠵᠡᠷᠭᠡ ᠤᠯᠠᠨ ᠠᠭᠤᠯᠭ᠎ᠠ ᠬᠠᠷᠠᠭᠠᠰᠤ ᠠᠴᠠ ᠲᠠᠶᠢᠯᠪᠤᠷᠢᠯᠠᠯᠳᠠ ᠬᠢᠵᠥ᠂ ᠲᠠᠮᠢᠷᠴᠢᠳ ᠲᠤ ᠡᠯ᠎ᠡ ᠲᠥᠷᠥᠯ ᠤᠨ ᠨᠡᠶᠢᠭᠡᠮ ᠤᠨ ᠳᠠᠭᠠᠳᠬᠠᠯ ᠤᠷᠤᠯᠴᠠᠬᠤ ᠠᠯᠬᠤᠮ ᠲᠠᠷᠠᠭ᠎ᠠ ᠵᠢᠴᠢ ᠠᠵᠢᠯ ᠣᠯᠤᠭᠰᠠᠨ ᠤ ᠳᠠᠷᠠᠭᠠᠬᠢ ᠦᠷᠭᠦᠯᠵᠢᠯᠡᠨ ᠬᠢᠬᠦ ᠴᠢᠬᠤᠯᠠ ᠲᠠᠢ ᠭᠠᠷᠳᠠᠮ ᠢ ᠲᠣᠳᠣᠷᠬᠠᠶ ᠣᠶᠢᠯᠠᠭᠠᠬᠤ ᠳᠤ ᠲᠥᠬᠦᠮ ᠥᠵᠡᠬᠦᠯᠪᠠ᠃ ᠪᠤᠯᠪᠰᠤᠷᠠᠯ ᠳᠤ ᠤᠷᠤᠯᠴᠠᠬᠰᠠᠨ ᠲᠠᠮᠢᠷᠴᠢᠳ ᠪᠠᠰᠠ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤᠨ ᠳᠤ ᠬᠠᠷᠢᠭᠤᠯᠳᠠ ᠬᠢᠪᠠ᠃ 

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ     

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ