ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠮ ᠡᠮᠨᠡᠯᠭᠡ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ ᠪᠠ ᠪᠡᠶ᠎ᠡ ᠶᠢᠨ ᠲᠠᠮᠢᠷ ᠵᠡᠷᠭᠡ ᠶᠢ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠴᠢᠬᠤᠯᠠ ᠠᠭᠤᠯᠭ᠎ᠠ ᠪᠣᠯᠭᠠᠵᠤ᠂ ᠣᠨᠴᠠᠭᠠᠶᠢᠯᠠᠨ ᠠᠷᠠᠳ ᠲᠦᠮᠡᠨ ᠤ ᠡᠷᠡᠭᠦᠯ ᠮᠡᠨᠳᠦ ᠶᠢᠨ ᠲᠤᠬᠠᠢ ᠠᠯᠢ ᠣᠯᠠᠨ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠨ《ᠠᠷᠠᠳ ᠲᠦᠮᠡᠨ ᠢᠶᠠᠷ ᠭᠤᠣᠯ ᠪᠣᠯᠭᠠᠬᠤ》ᠴᠢᠬᠤᠯᠠ ᠦᠵᠡᠯ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠶ ᠠᠭᠤᠰᠤᠯᠴᠠᠭᠤᠯᠬᠤ ᠲᠤᠬᠠᠢ ᠡᠯ᠎ᠡ ᠵᠦᠢᠯ ᠤᠨ ᠠᠵᠢᠯ ᠢ ᠴᠢᠷᠮᠠᠶᠢᠨ ᠠᠬᠢᠭᠤᠯᠤᠨ᠂ 2019 ᠣᠨ ᠠᠴᠠ ᠡᠬᠢᠯᠡᠨ᠂ 《ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠮᠤᠷ ᠠᠮᠤᠭᠤᠯᠠᠩ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ》  ᠶᠠᠪᠤᠳᠠᠯ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ 2019 ᠣᠨ ᠤ ᠲᠤᠰᠬᠠᠶ ᠰᠡᠳᠦᠪᠲᠦ ᠵᠥᠪᠯᠡᠬᠦ  ᠵᠦᠢᠯ ᠪᠤᠯᠵᠠᠢ᠃ 

ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠪᠣᠯ ᠪᠦᠬᠦ ᠠᠷᠠᠳ ᠤᠨ ᠪᠡᠶ᠎ᠡ ᠴᠢᠭᠢᠷᠠᠭᠵᠢᠯ ᠪᠣᠯᠤᠨ ᠪᠦᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠪᠣᠳᠠᠲᠠᠶ  ᠦᠢᠯᠡᠳᠦᠯᠭᠡ ᠪᠣᠯᠤᠨ᠎ᠠ᠃ 《ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠮᠢᠳᠤᠷᠠᠯ ᠢ ᠠᠬᠢᠭᠤᠯᠬᠤ》  ᠪᠣᠳᠠᠲᠠᠶ ᠢᠯᠡᠷᠡᠯ ᠮᠥᠨ᠃ ᠮᠠᠨ ᠤ ᠣᠷᠣᠨ ᠤ ᠪᠡᠶ᠎ᠠ ᠶᠢᠨ ᠲᠠᠮᠢᠷ ᠤᠨ ᠬᠤᠯᠪᠤᠬᠳᠠᠯ ᠪᠥᠬᠦᠢ ᠰᠠᠯᠠᠭ᠎ᠠ ᠮᠥᠴᠢᠷ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠤᠨ᠂ ᠣᠯᠠᠨ ᠲᠦᠮᠡᠨ ᠳᠤ ᠤᠷ᠎ᠠ ᠴᠢᠳᠠᠪᠤᠷᠢ ᠪᠠᠨ ᠪᠠᠳᠠᠷᠠᠭᠤᠯᠬᠤ᠂ ᠡᠷᠡᠭᠦᠯ ᠮᠡᠨᠳᠦ ᠶᠢᠨ ᠥᠢᠯᠡᠴᠢᠯᠡᠭᠡᠨ ᠤ ᠲᠠᠪᠴᠠᠩ ᠢ ᠴᠢᠷᠮᠠᠶᠢᠨ ᠪᠠᠶᠢᠭᠤᠯᠤᠨ ᠥᠭᠴᠤ ᠪᠤᠢ᠃ ᠡᠬᠦᠨ ᠤ ᠬᠠᠮᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠣᠯᠠᠨ ᠲᠦᠮᠡᠨᠴᠢ ᠲᠠᠮᠢᠷ ᠤᠨ ᠬᠥᠳᠡᠯᠭᠡᠭᠡᠨ ᠪᠠ ᠤᠷᠤᠯᠳᠤᠭᠠᠨ ᠤ ᠳᠤᠮᠳᠠ ᠠᠴᠠ ᠵᠣᠯ ᠵᠢᠷᠭᠠᠯ ᠤᠨ ᠲᠥᠷᠥᠭᠳᠡᠯ ᠢ ᠤᠯᠭᠤᠵᠥ ᠪᠤᠢ᠃ 

ᠪᠡᠶ᠎ᠡ ᠶᠢᠨ ᠲᠠᠮᠢᠷ ᠤᠨ ᠠᠵᠢᠯᠯᠠᠭ᠎ᠠ ᠨᠢ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠴᠢᠬᠤᠯᠠ ᠠᠷᠭ᠎ᠠ ᠬᠡᠯᠪᠡᠷᠢ ᠪᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠡᠯ᠎ᠡ ᠰᠠᠯᠠᠭ᠎ᠠ ᠮᠥᠴᠢᠷ ᠤᠯᠠᠮᠵᠢᠯᠠᠯᠲᠤ ᠤᠷᠤᠯᠳᠤᠭᠠᠨ ᠤ ᠠᠵᠢᠯᠯᠠᠭᠠᠨ ᠤ ᠵᠠᠭᠪᠤᠷ ᠪᠣᠯᠤᠨ ᠰᠦᠯᠵᠢᠶᠡᠨ ᠳᠡᠭᠡᠷᠡᠬᠢ ᠤᠷᠤᠯᠳᠤᠭᠠᠨ ᠤ ᠠᠵᠢᠯᠯᠠᠭ᠎ᠠ ᠶᠢ ᠣᠷᠭᠠᠨᠢᠭ ᠢᠶᠠᠷ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠦᠯᠵᠢᠶᠡᠨ ᠳᠡᠭᠡᠷᠡᠬᠢ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠣᠯᠠᠨ ᠵᠦᠶ᠋ᠯ ᠤᠨ ᠠᠵᠢᠯᠯᠠᠭ᠎ᠠ ᠶᠢ ᠡᠷᠭᠢᠯᠡᠵᠦ ᠣᠯᠠᠨ ᠲᠦᠮᠡᠨ ᠤ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠬᠤ ᠶᠢᠨ ᠬᠠᠮᠲᠤ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠᠷ ᠠᠷᠠᠳ ᠤᠯᠠᠨ ᠤ ᠡᠷᠴᠢ ᠵᠣᠷᠢᠭ ᠢ ᠬᠦᠪᠴᠢᠯᠡᠵᠥ ᠪᠤᠢ᠃ ᠡᠯ᠎ᠡ ᠵᠦᠢᠯ ᠤᠨ ᠥᠷᠢᠰᠥᠯᠳᠤᠭᠡᠨᠳᠤ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠪᠦᠯᠬᠦᠮ᠂ ᠪᠡᠶ᠎ᠡ ᠴᠢᠭᠢᠷᠠᠭᠵᠢᠭᠤᠯᠬᠤ ᠺᠯᠦ᠋ᠪ ᠵᠡᠷᠭᠡ ᠨᠢ ᠪᠡᠶ᠎ᠡ ᠴᠢᠭᠢᠷᠠᠭᠵᠢᠭᠤᠯᠬᠤ ᠳᠤ ᠪᠠᠭ᠋ᠠᠲᠠᠢ ᠬᠥᠮᠦᠰ ᠲᠤ ᠰᠢᠯᠢᠳᠡᠭ ᠲᠠᠪᠴᠠᠩ ᠬᠠᠩᠭᠠᠵᠤ᠂ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠳᠤᠮᠳᠠ ᠰᠢᠨᠵᠢᠯᠡᠬᠦ ᠤᠬᠠᠭᠠᠨᠴᠢ ᠴᠢᠨᠠᠷ ᠢ ᠴᠢᠬᠤᠯᠠᠴᠢᠯᠠᠨ ᠪᠡᠶ᠎ᠡ ᠴᠢᠬᠢᠷᠠᠭᠵᠢᠭᠤᠯᠬᠤ ᠪᠠ ᠡᠷᠡᠭᠦᠯ ᠮᠡᠨᠳᠦ ᠶᠢ ᠨᠡᠩ ᠢᠯᠡᠭᠦᠦ ᠠᠭᠤᠰᠤᠯᠴᠠᠭᠤᠯᠬᠤ ᠶᠢ ᠰᠤᠷᠳᠠᠯᠴᠢᠯᠠᠨ ᠤᠬᠠᠭᠤᠯᠬᠤ ᠴᠢᠬᠤᠯᠠᠳᠠᠢ᠃ 

ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠢ ᠠᠭᠤᠰᠤᠯᠴᠠᠭᠤᠯᠬᠤ ᠨᠢ ᠪᠦ᠋ᠬᠦ ᠠᠷᠠᠳ ᠢ ᠬᠦᠲᠦᠯᠦᠨ ᠵᠢᠯᠤᠭᠤᠳᠴᠤ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠵᠤ᠂ ᠪᠦᠬᠦ ᠠᠷᠠᠳ ᠢᠶᠠᠷ ᠢᠶᠠᠨ ᠡᠷᠡᠭᠦᠯ ᠮᠡᠨᠳᠦ ᠪᠠᠶᠢᠬᠤ ᠡᠴᠦᠰ ᠤᠨ ᠬᠠᠷᠠᠯᠲᠠ ᠳᠠᠭᠠᠨ ᠬᠦᠷᠬᠦ ᠶᠢ ᠠᠬᠢᠭᠤᠯᠳᠠᠬ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠣᠯᠤᠨ ᠪᠦᠬᠦ ᠠᠷᠠᠳ ᠤᠨ ᠡᠷᠡᠭᠦᠯ ᠮᠡᠨᠳᠦ ᠶᠢ ᠠᠭᠤᠰᠤᠯᠴᠠᠭᠤᠯᠬᠤ ᠨᠢ ᠮᠦᠨ ᠴᠦ ᠨᠢᠭᠡᠨ ᠰᠢᠰᠲ᠋ᠧᠮ ᠲᠠᠢ᠂ ᠤᠷᠲᠤ ᠬᠤᠭᠤᠴᠠᠭᠠᠨ ᠤ ᠢᠨᠵᠧᠨᠧᠷᠢᠩ ᠪᠤᠯᠬᠤᠷ᠂ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠰᠠᠯᠠᠭ᠎ᠠ ᠮᠦᠴᠢᠷ ᠤᠨ ᠬᠢᠨ ᠪᠠ ᠦᠷᠭᠡᠨ ᠤᠯᠠᠨ ᠠᠷᠠᠳ ᠲᠦᠮᠡᠨ ᠬᠠᠮᠲᠤ ᠪᠠᠷ ᠬᠦᠳᠡᠯᠦᠯᠴᠡᠨ ᠰᠠᠶᠢᠲᠤᠷ ᠦᠢᠯᠡᠳᠦᠯᠭᠡᠵᠢᠭᠦᠯᠦᠨ᠂ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠡᠭᠡ ᠠᠬᠤᠶ ᠪᠠᠶᠢᠳᠠᠯ ᠳᠣᠣᠷ᠎ᠠ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠯᠤᠭ᠎ᠠ ᠵᠤᠬᠢᠴᠠᠯᠳᠤᠭᠤᠯᠤᠨ᠂ ᠡᠭᠦᠨ ᠤ ᠤᠯᠠᠮ ᠢᠶᠠᠷ ᠠᠷᠠᠳ ᠤᠯᠠᠨ ᠤ ᠡᠷᠡᠭᠦᠯ ᠮᠡᠨᠳᠦ ᠶᠢᠨ ᠬᠢᠷᠢ ᠲᠦᠪᠰᠢᠨ ᠵᠢᠴᠢ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠠᠷ ᠴᠢᠷᠮᠠᠶᠢᠪᠠᠯ ᠵᠤᠬᠢᠨ᠎ᠠ᠃( ᠤᠯᠠᠭᠠᠨᠳᠤᠶᠠᠭ᠎ᠠ)

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ