6 ᠰᠠᠷ᠎ᠠ ᠶᠢᠨ 8 ᠤ ᠡᠳᠦᠷ᠂ ᠲᠠᠪᠤᠳᠤᠭᠠᠷ ᠤᠳᠠᠭᠠᠨ ᠤ ᠤᠯᠠᠨ ᠲᠥᠮᠡᠨ ᠤ ᠪᠡᠶ᠎ᠡ ᠮᠠᠬᠠᠪᠣᠳ ᠢ ᠬᠢᠨᠠᠨ ᠬᠡᠮᠵᠢᠬᠦ ᠪᠣᠯᠪᠠᠰᠤᠷᠠᠯ ᠤᠨ ᠠᠩᠭᠢ (ᠤᠯᠠᠭᠠᠨᠬᠠᠳᠠ ᠥᠷᠲᠡᠭᠡ) ᠬᠢᠴᠢᠶᠠᠯ ᠡᠬᠢᠯᠡᠪᠡ᠃ ᠡᠨᠡ ᠨᠢ ᠮᠠᠨ ᠤ ᠣᠷᠣᠨ ᠤ ᠲᠠᠪᠤᠳᠤᠭᠠᠷ ᠤᠳᠠᠭ᠎ᠠ ᠶᠢᠨ ᠤᠯᠠᠨ ᠲᠥᠮᠡᠨ ᠤ ᠪᠡᠶ᠎ᠡ ᠮᠠᠬᠠᠪᠣᠳ ᠤᠨ ᠬᠢᠨᠠᠨ ᠬᠡᠮᠵᠢᠬᠦ ᠠᠵᠢᠯ ᠡᠬᠢᠯᠡᠭᠰᠡᠨ ᠢ ᠬᠠᠷᠠᠭᠤᠯᠵᠥ ᠪᠤᠢ᠃ 

ᠲᠣᠰ ᠤᠳᠠᠭ᠎ᠠ ᠶᠢᠨ ᠪᠤᠯᠪᠠᠰᠤᠷᠠᠯ ᠨᠢ ᠤᠯᠤᠰ ᠤᠨ ᠰᠤᠭᠤᠴᠢᠨ ᠪᠠᠶᠢᠴᠠᠭᠠᠬᠤ ᠬᠤᠪᠢᠶᠠᠷᠢᠯᠠᠯ ᠴᠡᠭ ᠤᠨ ᠶᠤᠰᠤᠭᠠᠷ ᠵᠡᠭᠦᠨ ᠬᠡᠰᠡᠭ᠂ ᠳᠤᠮᠳᠠ ᠬᠡᠰᠡᠭ᠂ ᠪᠠᠷᠠᠭᠤᠨ ᠬᠡᠰᠡᠭ ᠭᠡᠵᠦ ᠬᠤᠪᠢᠶᠠᠵᠤ᠂ ᠦᠢᠯᠡᠳᠦᠯᠭᠡ ᠶᠢᠨ ᠬᠢᠴᠢᠶᠡᠯ ᠪᠠ ᠬᠢᠨᠠᠨ ᠰᠢᠯᠭᠠᠯᠲᠠ ᠶᠢ ᠲᠣᠰ ᠲᠣᠰ ᠲᠤᠬᠢᠷᠠᠭᠤᠯᠵᠠᠢ᠃ ᠮᠠᠨ ᠤ ᠣᠷᠣᠨ ᠤ ᠨᠡᠶᠢᠳᠠ 6480 ᠬᠥᠮᠥᠨ ᠳᠤ ᠲᠤᠰ ᠤᠳᠠᠭ᠎ᠠ ᠶᠢᠨ ᠬᠢᠨᠠᠨ ᠬᠡᠮᠵᠢᠬᠦ ᠰᠤᠭᠤᠴᠢᠨ ᠪᠠᠶᠢᠴᠠᠭᠠᠯᠳᠠ ᠬᠢᠬᠦ ᠪᠠᠷ ᠪᠤᠯᠵᠥ᠂ ᠬᠢᠨᠠᠨ ᠬᠡᠮᠵᠢᠬᠦ ᠡᠲᠡᠭᠡᠳ ᠨᠢ 3 — 79 ᠨᠠᠰᠤᠨ ᠤ ᠬᠤᠭᠤᠷᠤᠨᠳᠤᠬᠢ ᠳᠤᠮᠳᠠᠳᠤ ᠤᠯᠤᠰ ᠤᠨ ᠡᠷᠭᠡᠳᠤ ᠠᠷᠠᠳ ᠪᠠᠶᠢᠵᠥ᠂ ᠬᠢᠨᠠᠨ ᠬᠡᠮᠵᠢᠬᠦ ᠠᠭᠤᠯᠭ᠎ᠠ ᠳᠤ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠪᠠ ᠪᠡᠶ᠎ᠡ ᠮᠠᠬᠠᠪᠣᠳ ᠤᠨ ᠬᠢᠨᠠᠨ ᠬᠡᠮᠵᠢᠬᠦ ᠭᠡᠬᠦ ᠬᠤᠶᠠᠷ ᠬᠡᠰᠡᠭ ᠢᠶᠠᠷ ᠪᠥᠷᠢᠯᠳᠤᠵᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠥᠯᠥᠬᠡ ᠠᠴᠠ ᠪᠤᠯᠵᠥ᠂ ᠡᠨᠡ ᠵᠢᠯ ᠤᠨ ᠪᠣᠯᠪᠠᠰᠤᠷᠠᠯ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠥ᠂ ᠡᠮᠦᠨᠡᠬᠢ ᠬᠤᠭᠤᠴᠠᠭᠠ ᠳᠤ ᠨᠢᠭᠡᠨᠲᠡ ᠡᠯ᠎ᠡ ᠰᠤᠭᠤᠴᠢᠨ ᠪᠠᠶᠢᠴᠠᠭᠠᠯᠳᠠ ᠶᠢᠨ ᠴᠡᠭ ᠤᠨ ᠬᠢᠨᠠᠨ ᠬᠡᠮᠵᠢᠬᠦ ᠡᠩᠨᠡᠭᠡ ᠳᠤ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠪᠣᠯᠪᠠᠰᠤᠷᠠᠯ ᠢ ᠬᠢᠵᠦ᠂ ᠰᠤᠷᠤᠯᠭᠠᠳᠠᠳ ᠢ ᠸᠢᠳᠢᠣ᠋ ᠶᠢ ᠨᠠᠷᠢᠨ ᠬᠢᠨᠠᠮᠠᠭᠠᠶ ᠦᠵᠡᠬᠦ ᠶᠢᠨ ᠬᠠᠮᠳᠤ ᠰᠠᠶᠢᠳᠤᠷ ᠲᠡᠮᠳᠡᠭᠯᠡᠯ ᠬᠢᠬᠦ ᠬᠡᠷᠡᠭᠲᠡᠶ ᠭᠡᠵᠦ ᠱᠠᠭᠠᠷᠳᠠᠪᠠ᠃ ᠰᠦᠯᠵᠢᠶᠡᠨ ᠭᠠᠳᠠᠨᠠᠬᠢ ᠪᠣᠯᠪᠠᠰᠤᠷᠠᠯ ᠢ ᠭᠤᠤᠯᠳᠠᠭᠤ ᠬᠡᠮᠵᠢᠭᠦᠷᠯᠢᠭ ᠲᠥᠬᠦᠭᠡᠷᠦᠮᠵᠢ ᠶᠢᠨ ᠲᠠᠶᠢᠯᠤᠮᠵᠢ᠂ ᠦᠶ᠋ᠯᠡᠳᠦᠯᠭᠡ᠂ ᠮᠠᠳᠠᠭ ᠲᠠᠢ ᠵᠦᠢᠯ ᠢ ᠬᠠᠷᠢᠭᠤᠯᠬᠤ ᠪᠠ ᠬᠢᠨᠠᠨ ᠰᠢᠯᠭᠠᠬᠤ ᠭᠤᠷᠪᠠᠨ ᠬᠡᠰᠡᠭ ᠬᠤᠪᠢᠶᠠᠨ ᠦᠷᠨᠢᠭᠦᠯᠦᠭᠰᠡᠨ ᠪᠠᠶᠢᠨ᠎ᠠ᠃(ᠪᠤᠤ ᠦᠷᠭᠡᠨ)

ᠢᠷᠡᠯᠳᠡ : 

    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ