1.jpg

6 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠰᠦᠯᠵᠢᠶᠡᠨ ᠳᠡᠭᠡᠷᠡᠬᠢ ᠭᠡᠷ ᠤᠨ ᠠᠬᠠᠮᠠᠳ ᠬᠡᠤᠬᠡᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠬᠥᠯ ᠪᠥᠮᠪᠦᠭᠡ ᠶᠢᠨ ᠰᠤᠪᠠᠭ ᠲᠤ ᠡᠬᠢᠯᠡᠨ ᠶᠠᠪᠤᠬᠳᠠᠯ᠎ᠠ᠃ ᠲᠤᠰ ᠠᠵᠢᠯᠯᠠᠭ᠎ᠠ ᠶᠢ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠳᠠᠮᠢᠷ ᠤᠨ ᠲᠤᠪᠴᠢᠶ᠎ᠠ ᠪᠠ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠬᠠᠮᠳᠤᠷᠠᠨ ᠡᠷᠬᠢᠯᠡᠪᠡ᠃

ᠠᠵᠢᠯᠯᠠᠭ᠎ᠠ ᠨᠢ 《ᠬᠠᠢ ᠳ᠋ᠦᠩ Familyᠭᠡᠳᠡᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠭᠡᠷ ᠤᠨ ᠠᠬᠠᠮᠠᠳ ᠬᠡᠤᠬᠡᠳ ᠤᠨ ᠬᠦᠳᠡᠯᠭᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠪᠦᠬᠦ ᠣᠷᠣᠨ ᠤ ᠵᠠᠯᠠᠭᠤᠴᠤᠳ ᠪᠠᠭᠠᠴᠤᠳ ᠤᠨ ᠴᠤᠭ ᠪᠠᠳᠠᠷᠠᠩᠭᠤᠶ᠂ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠪᠠᠷ ᠵᠣᠷᠢᠯᠲᠠ ᠪᠣᠯᠭᠠᠵᠤ᠂《ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ》ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠤᠢ ᠪᠤᠯᠭᠠᠨ ᠪᠡᠶ᠎ᠡ ᠶᠢᠨ ᠲᠠᠮᠢᠷ ᠤᠨ ᠰᠣᠶᠣᠯ ᠢ ᠦᠨᠳᠦᠰᠦᠯᠡᠭᠦᠯᠵᠦ᠂ ᠪᠡᠶ᠎ᠡ ᠶᠢᠨ ᠳᠠᠮᠢᠷ ᠤᠨ ᠦᠵᠡᠯ ᠤᠬᠠᠮᠰᠠᠷ ᠢ ᠬᠥᠮᠦᠵᠢᠭᠦᠯᠵᠦ᠂ ᠬᠡᠤᠬᠡᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠢᠳᠡᠪᠬᠢᠲᠡᠶ ᠣᠷᠣᠯᠴᠠᠬᠤ ᠰᠠᠶᠢᠨ ᠰᠠᠶᠢᠬᠠᠨ ᠳᠠᠳᠬᠠᠯ ᠲᠠᠢ ᠪᠣᠯᠬᠤ ᠶᠢ ᠠᠬᠢᠭᠤᠯᠬᠤ ᠪᠤᠯᠤᠨ᠎ᠠ᠃ ᠠᠵᠢᠯᠯᠠᠭ᠎ᠠ ᠨᠢ ᠪᠠᠭᠠᠴᠤᠳ ᠤᠨ ᠲᠤᠭᠤᠢᠢᠯᠠᠩ᠂ ᠪᠠᠭ᠎ᠠ ᠰᠤᠷᠭᠠᠭᠤᠯᠢ ᠶᠢᠨ ᠲᠤᠭᠤᠢᠢᠯᠠᠩ ᠤᠨ ᠭᠡᠷ ᠤᠨ ᠳᠤᠳᠤᠨᠠᠬᠢ ᠬᠦᠳᠡᠯᠭᠡᠭᠡᠨ ᠪᠠ ᠭᠡᠷ ᠤᠨ ᠭᠠᠳᠠᠨᠠᠬᠢ ᠬᠦᠳᠡᠯᠭᠡᠭᠡᠨ ᠭᠡᠵᠤ ᠬᠤᠪᠢᠶᠠᠨ ᠦᠨᠳᠦᠰᠦᠳᠡᠨ ᠤ ᠲᠦᠷᠦᠯ ᠤᠨ ᠬᠦᠳᠡᠯᠭᠡᠭᠡᠨ ᠤ ᠦᠵᠡᠭᠦᠯᠭᠡ᠂ ᠪᠦᠲᠦᠭᠡᠯᠴᠢ ᠲᠦᠷᠦᠯ ᠤᠨ ᠬᠦᠳᠡᠯᠭᠡᠭᠡᠨ ᠤ ᠦᠵᠡᠭᠦᠯᠭᠡ ᠵᠡᠷᠭᠡ ᠠᠭᠤᠯᠭ᠎ᠠ ᠪᠠᠶᠢᠨ᠎ᠠ᠃

ᠲᠤᠰ ᠠᠵᠢᠯᠯᠠᠭ᠎ᠠ ᠳᠤ ᠵᠠᠰᠠᠭ ᠤᠨ ᠣᠷᠳᠣᠨ ᠭᠤᠤᠯᠯᠠᠨ ᠤᠳᠤᠷᠢᠳᠴᠤ᠂ ᠨᠡᠶᠢᠭᠡᠮ ᠠᠴᠠ ᠬᠠᠮᠲᠤᠷᠠᠯᠴᠠᠨ ᠬᠠᠮᠲᠤ ᠪᠠᠷ ᠠᠰᠢᠭ ᠬᠦᠷᠲᠡᠬᠦ ᠲᠣᠭᠲᠠᠴᠠ ᠶᠢ ᠭᠦᠢᠴᠡᠳ ᠪᠠᠳᠠᠷᠠᠭᠤᠯᠵᠤ᠂ ᠪᠥᠬᠦ ᠣᠷᠣᠨ ᠤ 75 ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠢ ᠤᠷᠤᠭᠤᠯᠤᠨ ᠠᠪᠴᠢᠷᠠᠵᠤ ᠲᠣᠰ ᠤᠳᠠᠭᠠᠨ ᠤ ᠠᠵᠢᠯᠯᠠᠭ᠎ᠠ ᠶᠢ 6284925 ᠲᠥᠭᠦᠷᠢᠭ ᠤᠨ ᠥᠷᠲᠡᠭ ᠪᠦᠬᠦᠢ 43620 ᠬᠡᠷᠡᠭᠯᠡᠭᠡᠨ ᠤ ᠪᠢᠯᠧᠲ ᠢᠶᠠᠷ ᠳᠡᠮᠵᠢᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠬᠦᠷᠲᠡᠵᠦ ᠪᠠᠶᠢᠭ᠎ᠠ ᠣᠳᠣᠬᠠᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠪᠣᠯᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠳᠣᠲᠣᠭᠠᠳᠤ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠶᠢ ᠵᠤᠷᠢᠵᠠᠢ᠃ ᠡᠭᠦᠨ ᠤ ᠬᠠᠮᠲᠤ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠡᠷᠡᠭᠯᠡᠭᠡ ᠶᠢ ᠳᠠᠶᠢᠴᠢᠯᠠᠬᠤ ᠶᠢᠨ ᠲᠥᠯᠥᠭᠡ᠂ ᠲᠣᠰ ᠤᠳᠠᠭᠠᠨ ᠤ ᠠᠵᠢᠯᠯᠠᠭ᠎ᠠ ᠳᠤ 5 ᠲᠦᠮᠡᠨ ᠲᠥᠭᠦᠷᠢᠭ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠢᠯᠧᠲ ᠬᠤᠳᠠᠯᠳᠤᠨ ᠠᠪᠴᠤ᠂ ᠠᠵᠢᠯᠯᠠᠭ᠎ᠠ ᠶᠢᠨ ᠱᠠᠩᠨᠠᠯ ᠪᠣᠯᠭᠠᠨ ᠤᠷᠤᠯᠴᠠᠬᠰᠠᠨ ᠬᠡᠷ ᠪᠦᠯᠢ ᠳᠤ ᠣᠯᠭᠤᠬᠤ ᠪᠤᠯᠤᠨ᠎ᠠ᠃

1.jpg

1.jpg

1.jpg

9eb3eaaf-c072-4b64-bea4-f1feba906e68.jpg

d7b0f0de-8ddb-4f38-9617-b6885dc10802.png

06dd5885-d7fe-4752-99a9-5825774566dc.png

69bb2a1a-41fe-4071-9249-70c16474070e.png

aea282b5-b698-449b-b249-04afddcd913c.png

137ec1f0-57ef-4510-98ad-e9a9aad80d22.png


ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ