ᠮᠠᠨ ᠤ ᠣᠷᠣᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠬᠦᠯᠥᠯᠳᠠ ᠶᠢ ᠭᠡᠷᠡᠭᠵᠢᠬᠦᠯᠥᠭᠰᠡᠨ ᠠᠴᠠ ᠨᠠᠭᠠᠰᠢ᠂ ᠬᠥᠯ ᠪᠥᠮᠪᠦᠭᠡ ᠶᠢᠨ ᠬᠥᠳᠡᠯᠭᠡᠭᠡᠨ ᠳᠤ ᠣᠷᠣᠯᠴᠠᠬᠤ ᠵᠠᠯᠠᠭᠤᠴᠤᠳ ᠪᠠᠭᠠᠴᠤᠳ ᠬᠤᠷ᠎ᠠ ᠶᠢᠨ ᠲᠠᠷᠠᠭᠠᠬᠢ ᠬᠤᠯᠤᠰᠤᠨ ᠰᠥᠶ᠎ᠠ ᠰᠢᠭ ᠲᠥᠷᠭᠡᠨ ᠨᠡᠮᠡᠭᠳᠡᠵᠥ᠂ ᠲᠠᠮᠢᠷᠴᠢᠨ ᠤ ᠤᠷ᠎ᠠ ᠴᠢᠳᠠᠪᠤᠷᠢ ᠶᠢᠨ ᠲᠦᠪᠰᠢᠨ ᠲᠠᠰᠤᠷᠠᠯᠳᠠ ᠥᠬᠡᠢ ᠲᠡᠭᠡᠭᠰᠢᠯᠡᠵᠥ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠪᠦᠬᠦ ᠤᠯᠤᠰ ᠤᠨ ᠶᠡᠷᠦᠩᠬᠡᠶ ᠬᠤᠸᠠᠷᠠᠨ ᠤ ᠲᠤᠮᠳᠠ ᠥᠪᠥᠷ ᠮᠣᠩᠭᠤᠯ ᠨᠤᠲᠤᠭ ᠲᠠᠢ ᠮᠠᠰᠢ ᠣᠯᠠᠨ ᠪᠥᠮᠪᠥᠭᠡᠴᠢᠨ ᠤ ᠪᠠᠷ᠎ᠠ ᠬᠠᠷᠠᠭᠳᠠᠬᠤ ᠪᠣᠯᠤᠬᠰᠠᠨ ᠶᠤᠮ᠃ ᠡᠳᠡᠭᠡᠷ ᠪᠦᠬᠦᠨ ᠨᠢ ᠴᠥᠮ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠴᠢᠬᠤᠯᠠᠴᠢᠯᠠᠨ ᠠᠩᠬᠠᠷᠤᠭᠰᠠᠨ ᠠᠴᠠ ᠰᠠᠯᠤᠰᠢ ᠥᠬᠡᠢ ᠬᠠᠷᠢᠴᠠᠭ᠎ᠠ ᠬᠤᠯᠪᠤᠭ᠎ᠠ ᠲᠠᠢ᠃

ᠥᠢᠷ᠎ᠠ ᠶᠢᠨ ᠵᠢᠯ ᠳᠤ ᠮᠠᠨ ᠤ ᠤᠷᠤᠨ ᠤ ᠬᠥᠯ ᠪᠥᠮᠪᠦᠭᠡ ᠶᠢᠨ ᠪᠠᠭ᠋ᠠᠳᠠᠳ ᠬᠥᠯ ᠪᠥᠮᠪᠦᠭᠡ ᠶᠢᠨ ᠥᠬᠡᠷᠡᠴᠢᠯᠠᠯᠳᠠ ᠬᠥᠭᠵᠢᠬᠦᠯᠥᠯᠳᠠ ᠳᠤ ᠢᠳᠡᠪᠬᠢ ᠬᠥᠴᠥᠨ ᠨᠡᠮᠡᠷᠢᠯᠡᠨ ᠬᠠᠶᠢᠨ ᠰᠦᠪᠡᠭᠴᠢᠯᠡᠯᠳᠠ ᠪᠠ ᠰᠢᠪᠲᠤᠯᠤᠯᠲᠠ ᠶᠢ ᠲᠠᠰᠤᠷᠠᠯᠳᠠ ᠥᠬᠡᠢ ᠪᠤᠢ ᠪᠤᠯᠭᠠᠵᠥ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠦᠶ᠋ᠯᠡᠳᠦᠯᠭᠡᠵᠢᠭᠦᠯᠦᠭᠴᠢ ᠶᠢᠨ ᠡᠬᠦᠷᠭᠡ ᠴᠢᠳᠠᠪᠬᠢ ᠶᠢ ᠡᠬᠦᠷᠭᠡᠯᠡᠵᠥ ᠪᠤᠢ᠃ ᠤᠳᠤᠬᠠᠨ ᠳᠤ ᠬᠥᠯ ᠪᠥᠮᠪᠦᠭᠡ ᠶᠢᠨ ᠲᠠᠰᠬᠠᠯᠵᠢᠭᠤᠯᠴᠢᠳ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠦᠳᠡᠯᠭᠡᠭᠡᠨ ᠳᠤ ᠵᠢᠱᠢᠶ᠎ᠡ ᠦᠵᠡᠭᠦᠯᠬᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠤᠯᠢ ᠪᠤᠯᠬᠤ ᠲᠤᠷᠰᠢᠯᠭ᠎ᠠ ᠪᠠ ᠬᠡᠪ ᠵᠠᠭᠪᠤᠷ ᠢ ᠥᠷᠭᠡᠨ ᠢᠶᠠᠷ ᠲᠡᠯᠭᠡᠷᠡᠬᠦᠯᠵᠥ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠥᠭᠡᠷᠡᠴᠢᠯᠡᠯᠲᠡ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠠᠬᠢᠭᠤᠯᠬᠤ ᠳᠤ ᠴᠢᠬᠤᠯᠠ ᠡᠯᠧᠮᠧᠨ᠋ᠲ ᠤᠨ ᠨᠢᠬᠡ ᠪᠠᠷ ᠢᠯᠭᠤᠮ ᠲᠤᠳᠤᠷᠠᠵᠥ ᠪᠤᠢ᠃ 2019 ᠣᠨ ᠤ ᠪᠥᠬᠦ ᠤᠯᠤᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠵᠤᠰᠠᠯᠠᠩ ᠤᠨ ᠰᠢᠯᠢᠳᠡᠭ ᠵᠢᠭᠰᠠᠭᠠᠯ ᠳᠤ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠡᠮᠡᠭᠲᠡᠶ ᠬᠥᠯ ᠪᠥᠮᠪᠦᠭᠡ ᠶᠢᠨ ᠠᠩᠭᠢ ᠲᠠᠪᠠᠭᠤᠯᠢᠬ ᠪᠠᠶᠢᠷᠢᠨ ᠳᠤ ᠲᠤᠳᠤᠷᠠᠵᠥ᠂ ᠮᠠᠨ ᠤ ᠤᠷᠤᠨ ᠤ ᠥᠨᠳᠥᠷ ᠳᠤᠮᠳᠠᠳᠤ ᠶᠢᠨ ᠳᠤᠭᠤᠶᠢᠯᠠᠩ ᠠᠴᠠ ᠤᠯᠤᠰ ᠤᠨ ᠠᠩᠭᠢ ᠳᠤ ᠰᠣᠩᠭᠤᠭᠳᠠᠭᠰᠠᠨ ᠬᠥᠯ ᠪᠥᠮᠪᠥᠬᠡᠴᠢᠨ ᠤ ᠲᠤᠭ᠎ᠠ ᠪᠠᠷ ᠨᠢᠭᠡᠳᠦᠭᠡᠷ ᠲᠤ ᠵᠢᠭᠰᠠᠭᠠᠭᠳᠠᠵᠠᠶ᠃ ᠡᠭᠦᠨ ᠳᠤ ᠰᠤᠷᠤᠬᠴᠢ ᠰᠡᠷᠮᠡᠬᠦᠨ ᠤᠯᠤᠰ ᠤᠨ ᠵᠠᠯᠠᠭᠤᠴᠤᠳ ᠤᠨ ᠠᠩᠭᠢ ᠳᠤ ᠡᠯᠰᠡᠭᠳᠡᠭᠰᠡᠨ ᠪᠥᠭᠡᠳ ᠳᠤᠮᠳᠠᠳᠤ ᠤᠯᠤᠰ ᠢ ᠲᠥᠯᠥᠭᠡᠯᠡᠨ ᠶᠠᠫᠣᠨ ᠳᠤ ᠠᠶᠢᠯᠴᠢᠯᠠᠪᠠ᠃ ᠪᠦᠬᠦ ᠤᠯᠤᠰ ᠤᠨ ᠬᠤᠶᠠᠳᠤᠭᠠᠷ ᠬᠤᠭᠤᠴᠠᠭᠠᠨ ᠤ ᠵᠠᠯᠠᠭᠤᠴᠤᠳ ᠤᠨ ᠲᠠᠮᠢᠷ ᠤᠨ ᠴᠤᠬᠯᠠᠭᠠᠨ ᠳᠤ ᠥᠪᠥᠷ ᠮᠣᠩᠭᠤᠯ ᠢ ᠲᠥᠯᠥᠭᠡᠯᠡᠨ ᠣᠷᠣᠯᠴᠠᠭᠰᠠᠨ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠡᠮᠡᠭᠳᠠᠢ ᠶᠢᠨ ᠬᠥᠯ ᠪᠥᠮᠪᠦᠭᠡ ᠶᠢᠨ ᠠᠩᠭᠢ ᠡᠵᠡᠨ ᠲᠠᠯᠠᠪᠠᠢ ᠠᠩᠭᠢ ᠶᠢ 1᠄ 0 ᠤᠨ ᠬᠠᠷᠢᠴᠠᠯ ᠢᠶᠠᠷ ᠢᠯᠠᠵᠥ ᠠᠯᠲᠠᠨ ᠮᠧᠳᠠᠯ ᠭᠠᠷᠳᠠᠪᠠ᠃ ᠡᠨᠡ ᠨᠢ ᠮᠠᠨ ᠤ ᠣᠷᠣᠨ ᠤ ᠪᠥᠬᠦ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠲᠠᠮᠢᠷ ᠤᠨ ᠴᠤᠭᠯᠠᠭᠠᠨ ᠤ ᠠᠷᠪᠠᠨ ᠨᠢᠭᠡᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠲᠥᠷᠥᠯ ᠤᠨ ᠤᠷᠤᠯᠳᠤᠭᠠᠨ ᠳᠠᠬᠢ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠦᠭᠰᠡᠨ ᠶᠤᠮ᠃

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠪᠣᠯ ᠵᠠᠯᠠᠭᠤᠴᠤᠳ ᠤᠨ ᠪᠣᠯᠪᠠᠰᠤᠷᠠᠯ ᠤᠨ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠲᠦᠭᠡᠮᠡᠯᠵᠢᠭᠦᠯᠬᠦ ᠬᠢᠭᠡᠳ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠤᠷᠤᠯᠳᠤᠭᠠᠨ ᠤ ᠬᠢᠷᠢ ᠬᠡᠮᠵᠢᠶ᠎ᠡ ᠶᠢᠨ ᠳᠡᠭᠡᠭᠰᠢᠯᠡᠯᠲᠡ ᠶᠢ ᠵᠤᠯᠭᠠᠭᠤᠯᠬᠤ ᠪᠠ ᠵᠤᠬᠢᠴᠠᠭᠤᠯᠬᠤ ᠪᠤᠯ ᠵᠠᠯᠠᠭᠤᠴᠤᠳ ᠤᠨ ᠪᠤᠯᠪᠠᠰᠤᠷᠠᠯ ᠤᠨ ᠰᠢᠰᠲ᠋ᠧᠮ ᠤᠨ ᠵᠠᠩᠭᠢᠯᠠᠭ᠎ᠠ ᠮᠥᠨ᠃ ᠡᠶᠢᠨ ᠬᠦ ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠡᠮᠡᠭᠲᠡᠶ ᠶᠢᠨ ᠬᠥᠯ ᠪᠥᠮᠪᠦᠭᠡ ᠶᠢᠨ ᠵᠠᠯᠠᠭᠤᠴᠤᠳ ᠤᠨ ᠪᠣᠯᠪᠠᠰᠤᠷᠠᠯ ᠤᠨ ᠠᠵᠢᠯ ᠢᠶᠠᠷ ᠭᠤᠣᠯᠳᠠᠯᠭ᠎ᠠ ᠪᠣᠯᠭᠠᠵᠤ᠂ ᠥᠨᠳᠥᠷ ᠬᠢᠷᠢ ᠲᠦᠪᠰᠢᠨ ᠪᠦᠬᠦᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠥ᠂ ᠪᠥᠬᠦ ᠣᠷᠣᠨ ᠤ ᠬᠡᠪᠴᠢᠶᠡᠨ ᠳᠠᠬᠢ ᠡᠯ᠎ᠠ ᠶᠡᠭᠡ ᠳᠡᠭᠡᠳᠦ ᠰᠤᠷᠭᠠᠭᠤᠯᠢ᠂ ᠪᠡᠶ᠎ᠡ ᠶᠢᠨ ᠲᠠᠮᠢᠷ ᠤᠨ ᠰᠤᠷᠭᠠᠭᠤᠯᠢ ᠲᠠᠢ ᠬᠤᠯᠪᠣᠭᠠᠯᠠᠨ ᠣᠯᠠᠨ ᠡᠰᠢᠵᠢᠭᠰᠡᠨ ᠵᠠᠯᠠᠭᠤᠴᠤᠳ ᠤᠨ ᠪᠣᠯᠪᠠᠰᠤᠷᠠᠯ ᠤᠨ ᠴᠡᠭ᠂ ᠵᠠᠯᠠᠭᠤᠴᠤᠳ ᠤᠨ ᠪᠣᠯᠪᠠᠰᠤᠷᠠᠯ ᠤᠨ ᠰᠠᠭᠤᠷᠢᠨ᠂ ᠵᠠᠯᠠᠭᠤᠴᠤᠳ ᠤᠨ ᠪᠣᠯᠪᠠᠰᠤᠷᠠᠯ ᠤᠨ ᠲᠥᠪ ᠵᠡᠷᠭᠡ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠵᠤᠬᠢᠰᠳᠠᠢ ᠪᠠᠷ ᠨᠠᠮᠠᠨ ᠪᠠᠶᠢᠭᠤᠯᠪᠠᠯ ᠵᠤᠬᠢᠨ᠎ᠠ︔ ᠠᠵᠢᠯ ᠮᠡᠷᠭᠡᠵᠢᠯ ᠤᠨ ᠺᠯᠦ᠋ᠪ ᠤᠨ ᠱᠠᠲᠤᠯᠵᠢᠨ ᠡᠩᠨᠡᠭᠡ ᠶᠢᠨ ᠪᠠᠶᠢᠭᠤᠯᠤᠯᠲᠠ ᠶᠢ ᠳᠡᠮᠵᠢᠵᠦ᠂ ᠤᠷᠤᠯᠳᠤᠭᠠᠨ ᠤ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ U ᠰᠢᠷᠢᠰ ᠵᠠᠯᠠᠭᠤᠴᠤᠳ ᠪᠠᠭᠠᠴᠤᠳ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠢ ᠦᠷᠭᠦᠯᠵᠢᠯᠡᠨ ᠠᠬᠢᠭᠤᠯᠵᠤ᠂ ᠨᠠᠩ ᠤᠯᠠᠨ ᠵᠠᠯᠠᠭᠤ ᠴᠢᠳᠠᠪᠤᠷᠢᠲᠠᠨ ᠢ ᠢᠯᠡᠷᠡᠭᠦᠯᠬᠦ ᠪᠠᠷ ᠵᠣᠷᠢᠯᠭ᠎ᠠ ᠪᠣᠯᠭᠠᠪᠠᠯ ᠵᠤᠬᠢᠨ᠎ᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠡᠨ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠰᠢᠯᠢᠳᠡᠭ ᠲᠠᠮᠢᠷᠴᠢᠨ ᠤ ᠦᠰᠦᠨ ᠪᠤᠶᠢᠵᠢᠬᠤ ᠤᠷᠴᠢᠨ ᠲᠤᠭᠤᠷᠢᠨ ᠢ ᠨᠠᠩ ᠰᠢᠯᠢᠳᠡᠭᠵᠢᠬᠦᠯᠪᠠᠯ ᠮᠠᠨ ᠤ ᠤᠷᠤᠨ ᠤ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠥᠢᠯᠡᠰ ᠥᠨᠳᠤᠷ ᠳᠦᠪᠰᠢᠨ ᠪᠦᠭᠦᠢ ᠥᠪᠡᠷᠮᠢᠴᠡ ᠤᠨᠴᠠᠯᠢᠬᠳᠤ ᠵᠠᠮ ᠢᠶᠠᠷ ᠤᠷᠤᠬᠰᠢᠳᠠᠢ ᠵᠠᠮᠨᠠᠵᠥ ᠴᠢᠳᠠᠬᠤ ᠨᠢ ᠯᠠᠪᠳᠠᠢ᠃(ᠪᠣᠣ ᠦᠷᠭᠡᠨ)

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ