ᠡᠮᠦᠨ᠎ᠡ ᠨᠢᠬᠡ ᠬᠡᠰᠡᠭ ᠬᠤᠭᠤᠴᠠᠭᠠᠨ ᠳᠤ ᠨᠠᠶᠢᠵᠠ ᠶᠢᠨ ᠲᠤᠭᠤᠷᠢᠭ ᠲᠤ ᠬᠦᠭᠵᠢᠶᠠᠨ ᠲᠠᠢ ᠶᠠᠷᠢᠭᠳᠠᠵᠤ ᠪᠠᠶᠢᠭᠰᠠᠨ《ᠨᠢᠬᠡ ᠰᠠᠷ᠎ᠠ ᠶᠢᠨ ᠬᠤᠭᠤᠴᠠᠭᠠᠨ ᠳᠤ ᠤᠷᠤᠢ ᠶᠢᠨ ᠬᠤᠭᠤᠯᠠ ᠪᠠᠨ ᠵᠢᠮᠢᠰ ᠢᠶᠠᠷ ᠤᠷᠤᠯᠠᠭᠤᠯᠤᠭᠰᠠᠨ ᠢᠶᠠᠷ ᠬᠠᠨᠭ᠍ᠵᠸᠤ ᠶᠢᠨ 21 ᠨᠠᠰᠤᠳᠠᠢ ᠵᠠᠯᠠᠭᠤ ICU ᠳᠤ ᠤᠷᠤᠭᠰᠠᠨ》 ᠶᠠᠪᠤᠳᠠᠯ ᠨᠢ ᠤᠯᠠᠨ ᠬᠦᠮᠦᠨ ᠤ ᠰᠡᠳᠬᠢᠯ ᠰᠠᠨᠠᠭ᠎ᠠ ᠶᠢ ᠠᠮᠤᠷ ᠦᠬᠡᠢ ᠪᠤᠯᠭᠠᠪᠠ᠃ ᠤᠤᠯ ᠨᠢ ᠤᠷᠤᠢ ᠶᠢᠨ ᠬᠤᠭᠤᠯᠠ ᠪᠠᠨ ᠵᠢᠮᠢᠰ ᠢᠶᠠᠷ ᠤᠷᠤᠯᠠᠭᠤᠯᠤᠭᠰᠠᠨ ᠠᠴᠠ ᠪᠤᠯᠤᠭᠠᠳ ᠰᠢᠬᠢᠷ ᠰᠢᠵᠢᠩ ᠡᠪᠡᠳᠴᠢᠨ ᠳᠤ ᠨᠡᠷᠪᠡᠭᠳᠡᠭᠰᠡᠨ ᠪᠠᠶᠢᠵᠠᠢ᠃ ᠡᠶᠢᠮᠦ ᠠᠴᠠ ᠤᠷᠤᠢ ᠶᠢᠨ ᠬᠤᠭᠤᠯᠠ ᠪᠠᠨ ᠵᠢᠮᠢᠰ ᠢᠶᠠᠷ ᠤᠷᠤᠯᠠᠭᠤᠯᠵᠤ ᠮᠠᠷᠢᠶ᠎ᠠ ᠪᠠᠭᠤᠷᠠᠭᠤᠯᠬᠤ ᠨᠢ ᠦᠨᠡᠬᠡᠷ ᠨᠢᠬᠡᠨ ᠲᠡᠨᠡᠭ ᠰᠤᠩᠭᠤᠯᠳᠠ ᠶᠤᠮ᠃

ᠡᠳᠦᠷ ᠪᠦᠷᠢ ᠭᠤᠷᠪᠠᠨ ᠡᠷᠢᠨ ᠤ ᠬᠤᠭᠤᠯᠠ ᠪᠠᠨ ᠰᠡᠶᠢᠨ ᠢᠳᠡᠬᠦ ᠪᠤᠯ ᠡᠷᠡᠬᠦᠯ ᠡ᠊ᠡᠭᠭᠡ ᠶᠠᠪᠤᠬᠤ ᠶᠢᠨ ᠰᠠᠭᠤᠷᠢ ᠮᠦᠨ᠃ ᠭᠤᠤᠯ ᠬᠤᠭᠤᠯᠠ ᠪᠠᠨ ᠢᠳᠡᠬᠦ ᠦᠬᠡᠢ ᠪᠠᠷ ᠮᠠᠷᠢᠶ᠎ᠠ ᠪᠠᠭᠤᠷᠠᠭᠤᠯᠬᠤ ᠨᠢ ᠪᠦᠲᠦᠰᠢ ᠦᠬᠡᠢ᠂ ᠢᠳᠡᠰᠢᠨ ᠨᠤᠭᠤᠭ᠎ᠠ ᠭᠤᠤᠯ ᠬᠤᠭᠤᠯᠠ ᠶᠢ ᠤᠷᠤᠯᠠᠵᠤ ᠴᠢᠳᠠᠬᠤ ᠦᠬᠡᠢ᠂ ᠵᠢᠮᠢᠰ ᠨᠢ ᠴᠤ ᠭᠤᠤᠯ ᠬᠤᠭᠤᠯᠠ ᠶᠢ ᠤᠷᠤᠯᠠᠵᠤ ᠲᠡᠶᠢᠯᠬᠦ ᠦᠬᠡᠢ ᠶᠤᠮ᠂ ᠵᠢᠮᠢᠰ ᠨᠢ ᠵᠦᠪᠬᠡᠨ ᠴᠠᠭ ᠤᠨ ᠬᠤᠭᠤᠯᠠᠨ ᠠᠴᠠ ᠭᠠᠳᠠᠨᠠᠬᠢ ᠨᠦᠬᠦᠪᠦᠷᠢ ᠪᠤᠯᠳᠠᠭ᠃ ᠤᠳᠤ ᠨᠢᠬᠡᠨᠳᠡ ᠮᠡᠳᠡᠭᠰᠡᠨ ᠬᠦᠮᠦᠨ ᠤ ᠪᠡᠶ᠎ᠡ ᠳᠤ ᠱᠠᠭᠠᠷᠳᠠᠭᠳᠠᠬᠤ ᠰᠢᠮ᠎ᠠ ᠲᠡᠵᠢᠬᠡᠯᠳᠦ ᠡᠳ᠋ ᠨᠢ 40 ᠭᠠᠷᠤᠢ ᠵᠦᠢᠯ ᠪᠠᠶᠢᠨ᠎ᠠ᠂ ᠡᠳᠡᠬᠡᠷ ᠰᠢᠮ᠎ᠠ ᠲᠡᠵᠢᠬᠡᠯᠳᠦ ᠡᠳ᠋ ᠢ ᠴᠦᠮ ᠡᠯ᠎ᠡ ᠵᠦᠢᠯ ᠤᠨ ᠢᠳᠡᠬᠡᠨ ᠠᠴᠠ ᠤᠯᠳᠠᠭ᠃ ᠤᠭᠤᠷᠠᠭ᠂ ᠦᠬᠡᠬᠦ᠂ ᠨᠡᠬᠦᠷᠡᠰᠦ ᠤᠰᠤᠨ ᠤ ᠨᠢᠬᠡᠳᠪᠦᠷᠢ ᠪᠤᠯ ᠬᠦᠮᠦᠨ ᠤ ᠪᠡᠶ᠎ᠡ ᠳᠤ ᠱᠠᠭᠠᠷᠳᠠᠭᠳᠠᠬᠤ ᠬᠡᠮᠵᠢᠶ᠎ᠡ ᠨᠢ ᠬᠠᠮᠤᠭ ᠤᠨ ᠶᠡᠭᠡ ᠭᠤᠷᠪᠠᠨ ᠵᠦᠢᠯ ᠤᠨ ᠰᠢᠮ᠎ᠠ ᠲᠡᠵᠢᠬᠡᠯᠳᠦ ᠡᠳ᠋ ᠪᠠᠶᠢᠵᠤ᠂ ᠬᠤᠷᠸ᠎ᠠ ᠰᠢᠮ᠎ᠠ ᠲᠡᠵᠢᠬᠡᠯᠳᠦ ᠡᠳ᠋ ᠬᠡᠳᠡᠭ᠂ ᠬᠦᠮᠦᠨ ᠤ ᠪᠡᠶ᠎ᠡ ᠶᠢᠨ ᠡᠷᠬᠡᠪᠰᠢ ᠬᠡᠷᠡᠭᠰᠡᠬᠦ ᠰᠢᠮ᠎ᠠ ᠲᠡᠵᠢᠬᠡᠯᠳᠦ ᠡᠳ᠋ ᠪᠦᠬᠡᠳ ᠴᠢᠬᠤᠯᠠ ᠹᠢᠽᠢᠥᠯᠤᠬᠢ ᠶᠢᠨ ᠦᠢᠯᠡᠳᠦᠯ ᠦᠵᠡᠬᠦᠯᠵᠦ ᠪᠠᠶᠢᠳᠠᠭ᠃ ᠵᠢᠮᠢᠰ ᠤᠨ ᠲᠤᠲᠤᠷ᠎ᠠ ᠤᠰᠤ ᠠᠷᠪᠢᠨ ᠠᠭᠤᠯᠤᠭᠳᠠᠵᠤ ᠪᠠᠶᠢᠳᠠᠬ᠂ ᠶᠡᠷᠦ ᠳᠡᠭᠡᠨ ᠰᠢᠬᠢᠷ ᠴᠤ ᠴᠦᠬᠡᠨ ᠪᠤᠰᠤ ᠪᠠᠶᠢᠳᠠᠭ᠂ ᠬᠡᠪᠡᠴᠦ ᠤᠭᠤᠷᠠᠭ ᠲᠤᠩ ᠴᠦᠬᠡᠨ ᠪᠦᠬᠡᠳ ᠬᠦᠮᠦᠨ ᠤ ᠪᠠᠶ᠎ᠠ ᠳᠤ ᠲᠤᠳᠠᠭᠳᠠᠵᠤ ᠪᠤᠯᠤᠰᠢ ᠦᠬᠡᠢ ᠪᠠᠶᠢᠳᠠᠭ ᠦᠬᠡᠬᠦᠨ ᠬᠦᠴᠢᠯ ᠪᠠᠷᠤᠭ ᠠᠭᠤᠯᠤᠭᠳᠠᠬᠤ ᠦᠬᠡᠢ ᠪᠠᠶᠢᠳᠠᠭ᠂ ᠵᠦᠪᠬᠡᠨ ᠵᠢᠮᠢᠰ ᠢᠳᠡᠬᠦ ᠨᠢ ᠬᠦᠮᠦᠨ ᠤ ᠪᠡᠶ᠎ᠡ ᠶᠢᠨ ᠬᠤᠷᠸ᠎ᠠ ᠰᠢᠮ᠎ᠠ ᠲᠡᠵᠢᠬᠡᠯ ᠤᠨ ᠬᠡᠷᠡᠭᠴᠡᠭᠡ ᠶᠢ ᠬᠠᠨᠭ᠍ᠭᠠᠬᠤ ᠳᠤ ᠬᠤᠯᠠ ᠬᠦᠷᠦᠯᠴᠡᠬᠦ ᠦᠬᠡᠢ ᠶᠤᠮ᠃ ᠲᠡᠶᠢᠮᠦ ᠤᠴᠢᠷ ᠠᠴᠠ ᠵᠢᠮᠢᠰ ᠢ ᠢᠳᠡᠬᠦ ᠦᠬᠡᠢ ᠪᠤᠯ ᠪᠤᠯᠬᠤ ᠦᠬᠡᠢ᠂ ᠲᠤᠳᠠᠭᠤ ᠢᠳᠡᠪᠡᠴᠦ ᠪᠤᠯᠬᠤ ᠦᠬᠡᠢ᠂ ᠢᠯᠡᠬᠦᠦ ᠢᠳᠡᠪᠡᠴᠦ ᠪᠤᠯᠬᠤ ᠦᠬᠡᠢ ᠪᠠᠶᠢᠳᠠᠭ᠃

ᠵᠢᠮᠢᠰ ᠢᠶᠠᠷ ᠴᠠᠭ ᠤᠨ ᠬᠤᠭᠤᠯᠠ ᠶᠢ ᠤᠷᠤᠯᠠᠭᠤᠯᠵᠤ ᠪᠤᠯᠬᠤ ᠦᠬᠡᠢ᠂ ᠵᠢᠮᠢᠰ ᠢᠯᠡᠬᠦᠦ ᠢᠳᠡᠵᠦ᠂ ᠴᠠᠭ ᠤᠨ ᠬᠤᠭᠤᠯᠠ ᠪᠠᠨ ᠪᠠᠭ᠎ᠠ ᠢᠳᠡᠬᠦ ᠠᠷᠭ᠎ᠠ ᠮᠠᠶ᠋ᠢᠭ ᠢᠶᠠᠷ ᠮᠠᠷᠢᠶ᠎ᠠ ᠪᠠᠭᠤᠷᠠᠭᠤᠯᠬᠤ ᠨᠢ ᠨᠡᠩ ᠴᠤ ᠪᠤᠯᠬᠤ ᠦᠬᠡᠢ᠃ ᠡᠨᠡ ᠠᠷᠭ᠎ᠠ ᠪᠠᠷ ᠮᠠᠷᠢᠶ᠎ᠠ ᠪᠠᠭᠤᠷᠠᠭᠤᠯᠳᠠᠭ ᠬᠦᠮᠦᠰ ᠵᠢᠮᠢᠰ ᠲᠤ ᠡᠨᠧᠷᠬᠢ ᠪᠠᠭ᠎ᠠ ᠠᠭᠤᠯᠤᠨ᠎ᠠ ᠬᠡᠵᠦ ᠦᠵᠡᠳᠡᠭ᠂ ᠬᠡᠳᠡᠯ᠎ᠡ ᠬᠡᠷᠡᠭ ᠲᠡᠭᠡᠷ᠎ᠡ ᠪᠠᠨ ᠲᠡᠶᠢᠮᠦ ᠪᠢᠰᠢ ᠶᠤᠮ᠃ ᠵᠢᠮᠢᠰ ᠤᠨ ᠲᠤᠲᠤᠷᠠᠬᠢ ᠰᠢᠬᠢᠷ ᠨᠢ ᠶᠡᠷᠦᠩᠭᠡᠢ ᠳᠡᠭᠡᠨ ᠨᠡᠯᠢᠶᠡᠳ ᠶᠡᠭᠡ ᠪᠦᠬᠡᠳ ᠠᠮᠠᠷᠬᠠᠨ ᠰᠢᠩᠭᠡᠭᠡᠬᠦ ᠰᠢᠬᠢᠷ ᠤᠨ ᠲᠦᠷᠦᠯ ᠪᠠᠶᠢᠳᠠᠭ᠂ ᠬᠡᠳᠦ᠋ᠢᠪᠡᠷ ᠠᠳᠠᠯᠢᠬᠠᠨ ᠬᠦᠨᠳᠦ ᠲᠠᠢ ᠵᠢᠮᠢᠰ ᠲᠤ ᠠᠭᠤᠯᠬᠤ ᠡᠨᠧᠷᠬᠢ ᠨᠢ ᠪᠤᠳᠠᠭ᠎ᠠ ᠠᠴᠠ ᠪᠠᠭ᠎ᠠ ᠪᠤᠯᠪᠠᠴᠤ ᠠᠳᠠᠯᠢᠬᠠᠨ ᠬᠦᠨᠳᠦ ᠲᠠᠢ ᠢᠳᠡᠰᠢᠨ ᠨᠤᠭᠤᠭ᠎ᠠ ᠠᠴᠠ ᠢᠯᠡᠬᠦᠦ ᠪᠠᠶᠢᠳᠠᠭ᠂ ᠲᠡᠶᠢᠮᠦ ᠤᠴᠢᠷ ᠠᠴᠠ ᠵᠢᠮᠢᠰ ᠢ ᠬᠡᠮᠵᠢᠶᠡᠳᠡᠢ ᠢᠳᠡᠬᠦ ᠬᠡᠷᠡᠭᠳᠡᠢ᠃ ᠨᠦᠬᠦᠬᠡ ᠲᠠᠯ᠎ᠠ ᠪᠠᠷ᠂ ᠵᠢᠮᠢᠰ ᠨᠢ ᠰᠢᠬᠢᠷᠯᠢᠭ ᠠᠮᠳᠠᠳᠠᠢ ᠪᠤᠯᠬᠤᠷ ᠬᠦᠮᠦᠰ ᠠᠮᠠᠷᠬᠠᠨ ᠬᠡᠳᠦᠷᠡᠳᠡᠯ᠎ᠠ ᠢᠳᠡᠵᠦ᠂ ᠰᠠᠨᠠᠮᠰᠠᠷ ᠦᠬᠡᠢ ᠪᠠᠷ ᠰᠢᠬᠢᠷ ᠢ ᠲᠡᠩᠳᠡᠬᠦᠦ ᠠᠷᠪᠢᠨ ᠢᠳᠡᠬᠦ ᠳᠤ ᠬᠦᠷᠴᠦ᠂ ᠮᠠᠷᠢᠶ᠎ᠠ ᠪᠠᠭᠤᠷᠠᠭᠤᠯᠬᠤ ᠬᠡᠳ ᠬᠡᠳᠡᠷᠬᠦ ᠪᠠᠨ ᠮᠠᠷᠢᠶᠠᠯᠠᠵᠤ ᠮᠡᠳᠡᠨ᠎ᠡ᠂ ᠡᠬᠦᠨ ᠤ ᠬᠠᠮᠳᠤ ᠪᠠᠰᠠ ᠰᠢᠮ᠎ᠠ ᠲᠡᠵᠢᠬᠡᠯ ᠲᠡᠩᠴᠡᠬᠦᠷᠢ ᠦᠬᠡᠢ ᠠᠰᠠᠭᠤᠳᠠᠯ ᠭᠠᠷᠴᠤ ᠮᠡᠳᠡᠨ᠎ᠡ᠃ ᠵᠢᠮᠢᠰ ᠢᠳᠡᠵᠦ ᠮᠠᠷᠢᠶ᠎ᠠ ᠪᠠᠭᠤᠷᠠᠭᠤᠯᠬᠤ ᠪᠤᠯ ᠨᠢᠬᠡᠨ ᠶᠡᠭᠡ ᠪᠤᠷᠤᠭᠤ ᠤᠢᠢᠯᠠᠭᠠᠯᠳᠠ ᠶᠤᠮ᠃

ᠢᠳᠡᠰᠢᠨ ᠨᠤᠭᠤᠭ᠎ᠠ ᠪᠠ ᠵᠢᠮᠢᠰ ᠨᠢ ᠸᠢᠲ᠋ᠠᠮᠢᠨ᠂ ᠮᠢᠨᠧᠷᠠᠯ ᠪᠤᠳᠠᠰ᠂ ᠢᠳᠡᠰᠢᠨ ᠤ ᠰᠢᠷᠬᠡᠭᠯᠢᠭ ᠪᠤᠯᠤᠨ ᠤᠷᠭᠤᠮᠠᠯ ᠤᠨ ᠬᠢᠮᠢ ᠶᠢᠨ ᠪᠤᠳᠠᠰ ᠤᠨ ᠴᠢᠬᠤᠯᠠ ᠡᠬᠢ ᠰᠤᠷᠪᠤᠯᠵᠢ ᠮᠦᠨ᠃ ᠢᠳᠡᠰᠢᠨ ᠨᠤᠭᠤᠭ᠎ᠠ ᠪᠤᠯᠤᠨ ᠵᠢᠮᠢᠰ ᠨᠢ ᠮᠠᠰᠢ ᠤᠯᠠᠨ ᠠᠳᠠᠯᠢᠪᠳᠤᠷ ᠲᠠᠯ᠎ᠠ ᠪᠠᠶᠢᠬᠤ ᠪᠤᠯᠪᠠᠴᠤ ᠠᠳᠠᠯᠢ ᠪᠤᠰᠤ ᠲᠦᠷᠦᠯ ᠵᠦᠢᠯ ᠤᠨ ᠢᠳᠡᠬᠡᠨ ᠶᠤᠮ᠂ ᠰᠢᠮ᠎ᠠ ᠲᠡᠵᠢᠬᠡᠯ ᠤᠨ ᠦᠨ᠎ᠡ ᠦᠷᠳᠡᠭ ᠤᠨ ᠲᠠᠪᠠᠭᠤᠯᠢᠭ ᠨᠢ ᠠᠳᠠᠯᠢ ᠦᠬᠡᠢ᠃ ᠢᠳᠡᠰᠢᠨ ᠨᠤᠭᠤᠭ᠎ᠠ᠂ ᠤᠨᠴᠠᠭᠠᠢᠢᠯᠠᠨ ᠬᠦᠨ ᠦᠡᠭᠭᠡᠳᠡᠢ ᠢᠳᠡᠰᠢᠨ ᠨᠤᠭᠤᠭ᠎ᠠ ᠳᠤ ᠠᠭᠤᠯᠬᠤ ᠸᠢᠲ᠋ᠠᠮᠢᠨ᠂ ᠮᠢᠨᠧᠷᠠᠯ ᠪᠤᠳᠠᠰ᠂ ᠢᠳᠡᠰᠢᠨ ᠤ ᠰᠢᠷᠬᠡᠭᠯᠢᠭ ᠪᠤᠯᠤᠨ ᠤᠷᠭᠤᠮᠠᠯ ᠤᠨ ᠬᠢᠮᠢ ᠶᠢᠨ ᠪᠤᠳᠠᠰ ᠨᠢ ᠴᠦᠮ ᠵᠢᠮᠢᠰ ᠠᠴᠠ ᠶᠡᠭᠡ ᠪᠠᠶᠢᠳᠠᠭ᠂ ᠡᠶᠢᠮᠦ ᠠᠴᠠ ᠵᠢᠮᠢᠰ ᠨᠢ ᠢᠳᠡᠰᠢᠨ ᠨᠤᠭᠤᠭ᠎ᠠ ᠶᠢ ᠤᠷᠤᠯᠠᠵᠤ ᠴᠢᠳᠠᠬᠤ ᠦᠬᠡᠢ᠃ ᠬᠡᠪᠡᠴᠦ ᠨᠦᠬᠦᠬᠡ ᠲᠠᠯ᠎ᠠ ᠪᠠᠷ ᠬᠤᠭᠤᠯᠠ ᠢᠳᠡᠰᠢ ᠶᠢᠨ ᠲᠤᠲᠤᠷ᠎ᠠ ᠵᠢᠮᠢᠰ ᠨᠢ ᠢᠳᠡᠰᠢᠨ ᠨᠤᠭᠤᠭ᠎ᠠ ᠬᠦᠷᠦᠯᠴᠡᠬᠦ ᠦᠬᠡᠢ ᠪᠠᠶᠢᠬᠤ ᠠᠰᠠᠭᠤᠳᠠᠯ ᠢ ᠨᠦᠬᠦᠪᠦᠷᠢᠯᠡᠵᠦ ᠪᠤᠯᠤᠨ᠎ᠠ᠂ ᠵᠢᠮᠢᠰ ᠲᠤ ᠠᠭᠤᠯᠬᠤ ᠨᠡᠬᠦᠷᠡᠰᠦ ᠤᠰᠤᠨ ᠤ ᠨᠢᠬᠡᠳᠪᠦᠷᠢ᠂ ᠤᠷᠭᠠᠨᠢᠭ ᠬᠦᠴᠢᠯ᠂ ᠦᠨᠦᠷᠳᠦ ᠪᠤᠳᠠᠰ ᠨᠢ ᠰᠢᠨ᠎ᠠ ᠰᠤᠷᠭᠤᠭ ᠢᠳᠡᠰᠢᠨ ᠨᠤᠭᠤᠭ᠎ᠠ ᠠᠴᠠ ᠦᠨᠳᠦᠷ ᠪᠠᠶᠢᠳᠠᠭ᠂ ᠪᠠᠰᠠ ᠵᠢᠮᠢᠰ ᠢ ᠢᠳᠡᠬᠦ ᠳᠤ ᠲᠦᠬᠦᠮ᠂ ᠴᠢᠨᠠᠵᠤ ᠪᠤᠯᠭᠤᠬᠤ ᠴᠢᠬᠤᠯᠠ ᠦᠬᠡᠢ ᠤᠴᠢᠷ ᠠᠴᠠ ᠰᠢᠮ᠎ᠠ ᠲᠡᠵᠢᠬᠡᠯ ᠤᠨ ᠪᠦᠷᠢᠯᠳᠦᠬᠦᠨ ᠨᠢ ᠴᠢᠨᠠᠵᠤ ᠪᠤᠯᠭᠤᠬᠤ ᠠᠴᠠ ᠪᠤᠯᠤᠭᠠᠳ ᠠᠯᠳᠠᠭᠳᠠᠬᠤ ᠦᠬᠡᠢ ᠪᠠᠶᠢᠳᠠᠭ᠂ ᠡᠶᠢᠮᠦ ᠠᠴᠠ ᠢᠳᠡᠰᠢᠨ ᠨᠤᠭᠤᠭ᠎ᠠ ᠨᠢ ᠵᠢᠮᠢᠰ ᠢ ᠤᠷᠤᠯᠠᠵᠤ ᠴᠢᠳᠠᠬᠤ ᠦᠬᠡᠢ ᠶᠤᠮ᠃

ᠢᠷᠡᠯᠳᠡ : 

 ᠠᠷᠠᠳ ᠤᠨ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ