87e59da2-26ba-4f4f-95dc-6137e0d21706.jpg

8 ᠰᠠᠷ᠎ᠠ ᠶᠢᠨ 24 ᠤ ᠡᠳᠦᠷ᠂ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠯ᠎ᠠ ᠨᠤᠲᠤᠭ ᠤᠨ ᠰᠡᠯᠡᠭᠦᠴᠡᠯ ᠤᠨ ᠪᠡᠶ᠎ᠡ ᠶᠢᠨ ᠲᠠᠮᠢᠷ ᠤᠨ ᠶᠡᠭᠡ ᠬᠤᠷᠠᠯ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠥᠨᠳᠥᠷᠯᠡᠪᠡ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠲᠠᠨ ᠵᠢᠩ ᠹᠧᠩ ᠶᠡᠭᠡ ᠬᠤᠷᠠᠯ ᠳᠤ ᠣᠷᠣᠯᠴᠠᠭᠰᠠᠨ ᠪᠥᠭᠡᠳ ᠮᠠᠯᠵᠢᠬᠤ ᠭᠠᠴᠠᠭ᠎ᠠ ᠶᠢ ᠳᠤᠭᠤᠶ ᠲᠡᠷᠭᠡ ᠪᠠᠷ ᠠᠶᠠᠯᠠᠬᠤ ᠤᠷᠤᠯᠳᠤᠭᠠᠨ ᠳᠤ ᠱᠠᠩᠨᠠᠯ ᠣᠯᠤᠭᠰᠠᠨ ᠲᠠᠮᠢᠷᠴᠢᠳ ᠲᠤ ᠱᠠᠩᠨᠠᠯ ᠭᠠᠷᠳᠠᠭᠤᠯᠪᠠ᠃

ᠭᠤᠷᠪᠠᠨ ᠡᠳᠦᠷ ᠤᠨ ᠬᠤᠭᠤᠴᠠᠭ᠎ᠠ ᠪᠦᠬᠦᠢ ᠲᠤᠰ ᠤᠳᠠᠭᠠᠨ ᠤ ᠤᠷᠤᠯᠳᠤᠭᠠᠨ ᠳᠤ ᠵᠢᠭᠠᠰᠤ ᠭᠥᠬᠢᠳᠡᠬᠦ᠂ ᠠᠯᠬᠤᠬᠤ᠂ ᠬᠠᠷᠪᠤᠭ᠎ᠠ᠂ ᠳᠤᠭᠤᠶ ᠲᠡᠷᠭᠡ ᠵᠡᠷᠭᠡ 9 ᠪᠠᠭ᠎ᠠ ᠲᠥᠷᠥᠯ ᠤᠨ ᠤᠷᠤᠯᠳᠤᠭᠠᠨ ᠶᠠᠪᠤᠭᠤᠯᠵᠤ᠂ ᠪᠦᠬᠦ ᠣᠷᠣᠨ ᠤ ᠡᠯ᠎ᠡ ᠭᠠᠵᠠᠷ ᠠᠴᠠ 1000 ᠰᠢᠬᠠᠮ ᠬᠥᠮᠦᠨ ᠨᠡᠷ᠎ᠡ ᠮᠡᠳᠡᠭᠦᠯᠦᠨ ᠤᠷᠤᠯᠴᠠᠪᠠ᠃

ᠥᠪᠥᠷ ᠮᠣᠩᠭᠤᠯ ᠤᠨ ᠲᠠᠯ᠎ᠠ ᠨᠤᠲᠤᠭ ᠤᠨ ᠰᠡᠯᠡᠭᠦᠴᠡᠯ ᠤᠨ ᠪᠡᠶ᠎ᠡ ᠶᠢᠨ ᠲᠠᠮᠢᠷ ᠤᠨ ᠶᠡᠭᠡ ᠬᠤᠷᠠᠯ ᠢ 2016 ᠣᠨ ᠳᠤ ᠡᠷᠬᠢᠯᠡᠭᠰᠡᠨ ᠠᠴᠠ ᠨᠠᠰᠢ᠂ ᠨᠡᠶᠢᠭᠡᠮ ᠤᠨ ᠬᠦᠴᠦᠨ ᠳᠤ ᠨᠢᠭᠲᠠ ᠲᠦᠰᠢᠭᠯᠡᠨ᠂ ᠲᠤᠬᠠᠶ ᠶᠢᠨ ᠭᠠᠵᠠᠷ ᠤᠨ ᠭᠠᠵᠠᠷ ᠣᠷᠣᠨ ᠤ ᠣᠨᠴᠠᠯᠢᠭ ᠪᠠ ᠨᠡᠶᠢᠭᠡᠮᠯᠢᠭ ᠤᠨ ᠲᠤᠰᠬᠠᠶ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠪᠡᠶ᠎ᠡ ᠶᠢᠨ ᠲᠠᠮᠢᠷ + ᠵᠢᠭᠤᠯᠴᠢᠯᠠᠯ︾᠂ ︽ᠪᠡᠶ᠎ᠡ ᠶᠢᠨ ᠲᠠᠮᠢᠷ + ᠰᠣᠶᠣᠯ︾ ᠤᠨ ᠰᠡᠯᠡᠭᠦᠴᠡᠯ ᠤᠨ ᠪᠡᠶ᠎ᠡ ᠶᠢᠨ ᠲᠠᠮᠢᠷ ᠤᠨ ᠨᠠᠷᠠᠲᠤ ᠲᠥᠷᠥᠯ ᠲᠡᠮᠳᠡᠭᠲᠦ ᠶᠢ ᠪᠤᠢ ᠪᠤᠯᠭᠠᠬᠤ ᠪᠠᠷ ᠬᠦᠴᠦᠯᠡᠨ ᠵᠢᠳᠬᠦᠵᠦ ᠪᠤᠢ᠃ ᠲᠠᠪᠤᠨ ᠵᠢᠯ ᠤᠨ ᠲᠤᠷᠰᠢ ᠥᠪᠥᠷ ᠮᠣᠩᠭᠤᠯ ᠤᠨ ᠲᠠᠯ᠎ᠠ ᠨᠤᠲᠤᠭ ᠤᠨ ᠰᠡᠯᠡᠭᠦᠴᠡᠯ ᠤᠨ ᠪᠡᠶ᠎ᠡ ᠶᠢᠨ ᠲᠠᠮᠢᠷ ᠤᠨ ᠶᠡᠭᠡ ᠬᠤᠷᠠᠯ ᠨᠢ ᠪᠦᠬᠦ ᠣᠷᠣᠨ ᠳᠤ ᠨᠡᠷ᠎ᠡ ᠠᠯᠳᠠᠷᠰᠢᠵᠤ᠂ ᠪᠦᠬᠦ ᠤᠯᠤᠰ ᠲᠤ ᠨᠥᠯᠥᠭᠡ ᠲᠠᠢ ᠶᠡᠷᠦᠩᠬᠡᠶᠢᠯᠡᠭᠰᠡᠨ ᠴᠢᠨᠠᠷᠲᠠᠶ ᠣᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠪᠣᠯᠵᠤ᠂ ᠪᠦᠬᠦ ᠣᠷᠣᠨ ᠤ ᠥᠷᠭᠡᠨ ᠣᠯᠠᠨ ᠲᠦᠮᠡᠨ ᠳᠤ ᠰᠡᠯᠡᠭᠦᠴᠡᠯ ᠤᠨ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠰᠣᠯᠢᠯᠴᠠᠭᠠᠨ ᠤ ᠲᠠᠪᠴᠠᠩ ᠢ ᠪᠠᠶᠢᠭᠤᠯᠤᠨ ᠦᠭᠴᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠣᠯᠤᠨ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠶ᠃

ᠢᠷᠡᠯᠳᠡ : 

ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ