ᠥᠢᠷ᠎ᠠ ᠶᠢᠨ ᠵᠢᠯ ᠳᠤ ᠥᠪᠡᠷᠳᠡᠭᠡᠨ ᠵᠠᠰᠠᠬᠤ ᠤᠷᠤᠨ ᠤ ᠵᠢᠤᠳᠤᠤ ᠪᠥᠭᠡ ᠶᠢᠨ ᠨᠡᠶᠢᠭᠡᠮᠯᠢᠭ ᠵᠢᠤᠳᠤᠤ ᠪᠥᠬᠡᠴᠢᠳ ᠲᠤ ᠮᠣᠩᠭᠤᠯ ᠬᠢᠲᠠᠳ ᠬᠤᠤᠰ ᠬᠡᠯᠡᠨ ᠤ ᠵᠢᠭᠠᠨ ᠰᠤᠷᠭᠠᠯᠳᠠ ᠬᠢᠬᠦ ᠶᠢ ᠠᠬᠢᠭᠤᠯᠵᠤ᠂ ᠦᠨᠳᠦᠰᠦᠨ ᠱᠠᠲᠤᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠲᠠᠮᠢᠷᠴᠢᠳ ᠤᠨ ᠵᠢᠭᠠᠨ ᠰᠤᠷᠭᠠᠯᠲᠠ ᠶᠢ ᠰᠠᠶᠢᠳᠤᠷ ᠵᠣᠬᠢᠴᠠᠭᠤᠯᠤᠡ᠂ ᠵᠢᠤᠳᠤᠤ ᠪᠦᠭᠡᠴᠢᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠠᠵᠢᠯ ᠢ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠳᠤ ᠣᠷᠣᠭᠤᠯᠵᠥ᠂ ᠵᠢᠤᠳᠤᠤ ᠪᠥᠬᠡᠴᠢᠳ ᠤᠨ ᠰᠤᠶᠤᠯ ᠰᠤᠷᠭᠠᠨ ᠬᠦᠮᠦᠵᠢᠯ ᠤᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠥ ᠪᠤᠢ᠃

ᠥᠪᠡᠷᠳᠡᠭᠡᠨ ᠵᠠᠰᠠᠬᠤ ᠤᠷᠤᠨ ᠤ ᠵᠢᠤᠳᠤᠤ ᠪᠥᠭᠡ ᠶᠢᠨ ᠨᠡᠶᠢᠭᠡᠮᠯᠢᠭ ᠲᠠᠮᠢᠷᠴᠢᠳ ᠤᠨ ᠰᠤᠷᠢᠭ᠎ᠠ ᠪᠤᠯᠪᠠᠰᠤᠷᠠᠯ ᠤᠨ ᠬᠤᠭᠤᠴᠠᠭᠠᠨ ᠳᠠᠬᠢ ᠰᠣᠶᠣᠯ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠵᠤ᠂ ᠲᠠᠮᠢᠷᠴᠢᠨ ᠤ ᠰᠣᠶᠣᠯ ᠰᠤᠷᠭᠠᠨ ᠬᠥᠮᠦᠵᠢᠯ ᠪᠠ ᠪᠠᠲᠤᠯᠠᠭ᠎ᠠ ᠶᠢᠨ ᠮᠡᠳᠡᠭᠡ ᠵᠠᠩᠭᠢ ᠶᠢᠨ ᠥᠢᠯᠡᠴᠢᠯᠡᠭᠡᠨ ᠤ ᠰᠢᠰᠲ᠋ᠧᠮ ᠢ ᠪᠠᠶᠢᠭᠤᠯᠵᠥ᠂ ᠲᠤᠰᠬᠠᠶ ᠮᠡᠷᠭᠡᠵᠢᠯ ᠤᠨ ᠠᠩᠭᠢ ᠶᠢᠨ ᠰᠣᠶᠣᠯ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠡᠩᠨᠡᠭᠡ ᠶᠢᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮ ᠤᠨ ᠬᠦᠴᠦᠨ ᠤ ᠰᠢᠨ᠎ᠠ ᠶᠢ ᠡᠬᠦᠳᠥᠭᠰᠡᠨ ᠵᠢᠭᠠᠨ ᠰᠤᠷᠭᠠᠯᠳᠠ ᠶᠢᠨ ᠬᠡᠪ ᠵᠠᠬᠪᠤᠷ ᠢᠶᠠᠷ ᠬᠥᠳᠥᠯᠥᠨ ᠵᠢᠯᠥᠭᠤᠳᠤᠭᠤᠯᠵᠥ ᠪᠤᠢ᠃ ᠡᠯ᠎ᠠ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠨ ᠠᠵᠢᠯᠯᠠᠬᠤ ᠲᠦᠷᠢᠮ ᠢ ᠲᠡᠬᠦᠯᠳᠡᠷᠵᠢᠬᠦᠯᠵᠥ᠂ ᠰᠢᠯᠢᠳᠡᠭ ᠲᠠᠮᠢᠷᠴᠢᠳ ᠤᠨ ᠶᠡᠭᠡ ᠳᠡᠭᠡᠳᠦ ᠰᠤᠷᠭᠠᠭᠤᠯᠢ ᠳᠤ ᠤᠷᠤᠵᠤ ᠰᠤᠷᠤᠯᠴᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠥᠭᠡᠷᠡᠴᠢᠯᠡᠯᠲᠡ ᠶᠢ ᠬᠥᠨᠵᠡᠬᠡᠶᠢᠢᠷᠡᠬᠦᠯᠵᠥ ᠪᠤᠢ᠃ ᠲᠠᠮᠢᠷᠴᠢᠳ ᠤᠨ ᠣᠷᠣᠯᠭ᠎ᠠ ᠶᠢᠨ ᠬᠤᠪᠢᠶᠠᠷᠢᠯᠠᠯᠲᠠ ᠪᠠ ᠤᠷᠮᠠᠰᠢᠭᠤᠯᠵᠤ ᠪᠠᠲᠤᠯᠠᠬᠤ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠨᠡᠶᠢᠭᠡᠮ ᠤᠨ ᠪᠠᠲᠤᠯᠠᠭ᠎ᠠ ᠶᠢᠨ ᠲᠦᠷᠢᠮ ᠳᠤ ᠲᠠᠮᠢᠷᠴᠢᠳ ᠢ ᠪᠦᠬᠦᠨ ᠢ ᠬᠠᠮᠤᠷᠪᠠ᠃ ᠲᠠᠮᠢᠷᠴᠢᠳ ᠤᠨ ᠠᠵᠢᠯ ᠮᠡᠷᠭᠡᠵᠢᠯ ᠤᠨ ᠦᠵᠡᠯ ᠤᠬᠠᠮᠰᠠᠷ ᠤᠨ ᠬᠥᠮᠦᠵᠢᠯ᠂ ᠲᠠᠮᠢᠷᠴᠢᠳ ᠤᠨ ᠠᠵᠢᠯ ᠮᠡᠷᠭᠡᠵᠢᠯ ᠤᠨ ᠠᠮᠢᠳᠤᠷᠠᠯ ᠤᠨ ᠲᠥᠯᠥᠪᠵᠢᠭᠦᠯᠬᠡ ᠪᠠ ᠠᠵᠢᠯ ᠮᠡᠷᠭᠡᠵᠢᠯ ᠤᠨ ᠪᠣᠯᠪᠠᠰᠤᠷᠠᠯ ᠤᠨ ᠠᠵᠢᠯ ᠢ ᠠᠬᠢᠭᠤᠯᠵᠥ᠂ ᠰᠤᠷᠭᠠᠭᠤᠯᠢ ᠶᠢᠨ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠡᠵᠡᠩᠨᠡᠯᠲᠡ ᠨᠡᠭᠡᠭᠡᠯᠲᠡ ᠵᠡᠷᠭᠡ ᠠᠵᠢᠯ ᠢ ᠢᠳᠡᠪᠬᠢᠲᠡᠢ ᠥᠷᠨᠢᠬᠦᠯᠵᠥ ᠪᠤᠢ᠃( ᠪᠤᠤ ᠦᠷᠭᠡᠨ)

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ