ᠤᠢᠢᠷ᠎ᠠ ᠳᠤ ᠥᠪᠡᠷᠲᠡᠭᠡᠨ ᠵᠠᠰᠠᠬᠤ ᠣᠷᠣᠨ ᠤ 31 ᠳ᠋ᠤᠭᠡᠷ ᠬᠤᠭᠤᠴᠠᠭᠠᠨ ᠤ ᠨᠠᠰᠤᠲᠠᠶᠢᠴᠤᠳ ᠤᠨ ᠡᠭᠦᠳᠡᠨ ᠪᠥᠮᠪᠦᠭᠡ ᠶᠢᠨ ᠰᠣᠯᠢᠯᠴᠠᠭᠠᠨ ᠤ ᠠᠵᠢᠯᠯᠠᠭ᠎ᠠ ᠲᠥ᠋ᠩᠯᠢᠶᠤᠤ ᠬᠤᠳᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ ᠶᠠᠪᠤᠭᠳᠠᠪᠠ᠃

ᠲᠤᠰ ᠤᠳᠠᠭ᠎ᠠ ᠶᠢᠨ ᠠᠵᠢᠯᠯᠠᠭ᠎ᠠ ᠳᠤ ᠪᠥᠬᠦ ᠣᠷᠣᠨ ᠤ ᠡᠯ᠎ᠠ ᠠᠶᠢᠮᠠᠭ ᠬᠤᠲᠠ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠭᠦᠳᠡᠨ ᠪᠥᠮᠪᠦᠭᠡ ᠶᠢᠨ ᠲᠥᠯᠥᠭᠡᠯᠡᠭᠴᠢ ᠶᠢᠨ ᠠᠩᠭᠢ ᠶᠢᠨ ᠲᠠᠮᠢᠷᠴᠢᠨ ᠪᠡ ᠬᠢᠨᠠᠭᠴᠢ ᠨᠡᠶᠢᠳᠠ 140 ᠬᠥᠮᠦᠨ ᠣᠷᠣᠯᠴᠠᠪᠠ᠃ ᠠᠵᠢᠯᠯᠠᠭ᠎ᠠ ᠨᠢ ᠪᠦᠬᠦ ᠣᠷᠣᠨ ᠤ ᠨᠠᠰᠤᠲᠠᠶᠢᠴᠤᠳ ᠤᠨ ᠡᠭᠦᠳᠡᠨ ᠪᠥᠮᠪᠦᠭᠡ ᠶᠢᠨ ᠤᠷᠤᠯᠳᠤᠭᠠᠨ ᠢᠶᠠᠷ ᠲᠠᠮᠵᠢᠭᠤᠯᠤᠨ ᠨᠥᠬᠦᠷᠯᠡᠯ ᠢᠶᠠᠨ ᠵᠤᠵᠠᠭᠠᠳᠬᠠᠬᠤ᠂ ᠪᠦᠯᠬᠦᠮᠳᠡᠨ ᠡᠷᠴᠢ ᠵᠣᠷᠢᠭ ᠢᠶᠠᠨ ᠬᠥᠪᠴᠢᠯᠡᠬᠦ᠂ ᠬᠠᠷᠢᠯᠴᠠᠨ ᠰᠤᠷᠤᠯᠴᠠᠨ ᠰᠠᠨᠠᠯ ᠢᠶᠠᠨ ᠰᠤᠯᠢᠯᠴᠠᠬᠤ ᠶᠢ ᠰᠠᠨᠠᠭᠠᠴᠢᠯᠠᠵᠠᠢ᠃ ᠵᠤᠬᠢᠶᠠᠨ ᠪᠠᠶᠢᠭᠤᠯᠤᠭᠰᠠᠨ ᠲᠠᠯ᠎ᠠ ᠶᠢᠨ ᠬᠢᠨ ᠤᠷᠤᠯᠳᠤᠭᠠᠨ ᠤ ᠪᠦᠬᠦ ᠶᠠᠪᠤᠴᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠨᠢᠮᠪᠠᠶ ᠪᠠᠶᠢᠷᠢᠯᠠᠭᠤᠯᠵᠤ᠂ ᠤᠷᠤᠯᠳᠤᠭᠠᠨ ᠳᠤ ᠬᠠᠮᠤᠭ ᠤᠨ ᠰᠢᠯᠢᠳᠡᠭ᠂ ᠬᠠᠮᠤᠭ ᠤᠨ ᠳᠣᠲᠣᠨᠣ ᠦᠢᠯᠡᠴᠢᠯᠡᠭᠡ ᠬᠠᠨᠭ᠍ᠭᠠᠬᠤ ᠶᠢ ᠪᠠᠳᠤᠯᠠᠪᠠ᠃


ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ