ᠤᠢ᠌ᠢᠷ᠎ᠠ ᠳᠤ᠂ 2020 ᠣᠨ ᠤ ᠮᠠᠨ ᠤ ᠣᠷᠣᠨ ᠤ ᠥᠲᠥᠨ ᠪᠥᠮᠪᠦᠭᠡ ᠶᠢᠨ ᠤᠯᠤᠰ ᠤᠨ ᠨᠢᠭᠡᠳᠦᠭᠡᠷ ᠪᠠ ᠬᠤᠶᠠᠳᠤᠭᠠᠷ ᠳᠡᠰ ᠤᠨ ᠬᠢᠨᠠᠭᠴᠢ ᠶᠢᠨ ᠪᠣᠯᠪᠠᠰᠤᠷᠠᠯ ᠪᠠ ᠳᠡᠰ ᠳᠡᠪᠰᠢᠬᠤ ᠰᠢᠯᠭᠠᠯᠲᠠ ᠦᠬᠠᠶ ᠬᠤᠲᠠ ᠳᠤ ᠶᠠᠪᠤᠭᠳᠠᠪᠠ᠃ ᠲᠤᠰ ᠤᠳᠠᠭᠠᠨ ᠤ ᠪᠣᠯᠪᠠᠰᠤᠷᠠᠯ ᠢ ᠥᠪᠥᠷ ᠮᠣᠩᠭᠤᠯ ᠤᠨ ᠥᠳᠥᠨ ᠪᠥᠮᠪᠦᠭᠡ ᠶᠢᠨ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠭᠤᠣᠯᠯᠠᠨ ᠡᠷᠬᠢᠯᠡᠵᠦ᠂ 56 ᠬᠢᠨᠠᠭᠴᠢ ᠪᠣᠯᠪᠠᠰᠤᠷᠠᠯ ᠳᠤ ᠣᠷᠣᠯᠴᠠᠪᠠ᠃ 

ᠲᠤᠰ ᠤᠳᠠᠭ᠎ᠠ ᠶᠢᠨ ᠪᠤᠯᠪᠠᠰᠤᠷᠠᠯ ᠨᠢ ᠥᠳᠥᠨ ᠪᠥᠮᠪᠦᠭᠡ ᠶᠢᠨ ᠬᠢᠨᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠵᠥ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠷᠤᠯᠳᠤᠭᠠᠨ ᠤ ᠬᠠᠮᠢᠶᠠᠷᠤᠯᠲᠠ ᠶᠢ ᠵᠢᠷᠤᠮᠵᠢᠭᠤᠯᠬᠤ ᠪᠠᠷ ᠵᠤᠷᠢᠪᠠ᠃ ᠪᠤᠯᠪᠠᠰᠤᠷᠠᠯ ᠤᠨ ᠬᠤᠭᠤᠴᠠᠭᠠᠨ ᠳᠤ ᠥᠳᠤᠨ ᠪᠥᠮᠪᠦᠭᠡ ᠶᠢᠨ ᠬᠢᠨᠠᠭᠴᠢ ᠶᠢᠨ ᠬᠠᠮᠢᠶᠠᠷᠤᠯᠲᠠ ᠶᠢᠨ ᠠᠷᠭ᠎ᠠ᠂ ᠤᠷᠤᠯᠳᠤᠭᠠᠨ ᠤ ᠳᠦᠷᠢᠮ᠂ ᠨᠡᠶᠢᠳᠡᠮ ᠬᠡᠷᠡᠭᠯᠡᠬᠦ ᠳᠦᠷᠢᠮ᠂ ᠬᠢᠨᠠᠭᠴᠢ ᠶᠢᠨ ᠠᠵᠢᠯᠯᠠᠬᠤ ᠠᠷᠭ᠎ᠠ᠂ ᠬᠢᠨᠠᠭᠴᠢ ᠶᠢᠨ ᠲᠤᠬᠠᠶ ᠶᠢᠨ ᠲᠠᠯᠠᠪᠤᠷ ᠤᠨ ᠮᠡᠷᠭᠡᠵᠢᠯ ᠴᠢᠳᠠᠪᠤᠷᠢ ᠵᠡᠷᠭᠡ ᠠᠭᠤᠯᠭ᠎ᠠ ᠶᠢᠨ ᠲᠤᠭᠤᠷᠢᠨ ᠳᠤ ᠪᠤᠯᠪᠠᠰᠤᠷᠠᠯ ᠬᠢᠵᠡᠢ᠃ ᠪᠣᠯᠪᠠᠰᠤᠷᠠᠯ ᠳᠠᠭᠤᠰᠬᠤ ᠳᠤ ᠰᠤᠷᠤᠯᠭ᠎ᠠ ᠲᠡᠭᠦᠰᠬᠦ ᠰᠢᠯᠭᠠᠯᠲᠠ ᠬᠢᠵᠦ᠂ ᠪᠢᠷ ᠤᠨ ᠰᠢᠯᠭᠠᠯᠲᠠ ᠪᠠ ᠲᠤᠬᠠᠶ ᠶᠢᠨ ᠲᠠᠯᠠᠪᠤᠷ ᠤᠨ ᠲᠠᠰᠤᠯᠤᠨ ᠲᠣᠭᠲᠠᠭᠠᠬᠤ ᠴᠢᠳᠠᠪᠤᠷᠢ ᠶᠢᠨ ᠶᠡᠷᠦᠩᠬᠡᠶᠢᠯᠡᠭᠰᠡᠨ ᠬᠤᠪᠢ ᠶᠢ ᠦᠨᠳᠦᠰᠦᠯᠡᠨ ᠬᠢᠨᠠᠭᠴᠢ ᠶᠢᠨ ᠵᠡᠷᠭᠡ ᠳᠡᠰ ᠤᠨ ᠦᠨᠡᠮᠯᠡᠯ ᠣᠯᠭᠤᠬᠰᠠᠨ ᠪᠠᠶᠢᠨ᠎ᠠ᠃

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ