ᠪᠡᠶ᠎ᠠ ᠶᠢᠨ ᠲᠠᠮᠢᠷ ᠤᠨ ᠬᠢᠴᠢᠶᠡᠯ ᠬᠥᠮᠥᠵᠢᠯ ᠠᠴᠠ ᠨᠠᠩ ᠣᠯᠠᠨ ᠪᠠᠶᠠᠷ ᠪᠠᠭ᠋ᠠᠳᠤᠯ ᠢ ᠠᠮᠳᠠᠷᠠᠬᠠᠭᠤᠯᠤᠨ᠂ ᠪᠡᠶ᠎ᠠ ᠶᠢᠨ ᠲᠠᠮᠢᠷ ᠤᠨ ᠬᠥᠳᠡᠯᠭᠡᠭᠡᠨ ᠢ ᠬᠡᠦᠬᠡᠳ ᠤᠨ ᠠᠮᠢᠳᠤᠷᠠᠯ ᠳᠤ ᠠᠭᠤᠰᠤᠯᠴᠠᠭᠤᠯᠬᠤ ᠪᠣᠯ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠳᠤ ᠬᠦᠷᠲᠡᠭᠡᠬᠦ ᠨᠢᠭᠡᠨ ᠵᠦᠢᠯ ᠤᠨ ᠨᠠᠨᠳᠢᠨ ᠪᠡᠯᠡᠭ ᠪᠣᠯᠤᠨ᠎ᠠ᠃

ᠰᠢᠨ᠎ᠡ ᠨᠢᠬᠡᠨ ᠰᠤᠷᠤᠯᠭ᠎ᠠ ᠶᠢᠨ ᠬᠤᠭᠤᠴᠠᠭ᠎ᠠ ᠬᠦᠷᠴᠦ ᠢᠷᠡᠯ᠎ᠠ᠃ ᠠᠮᠠᠷᠠᠯᠳᠠ ᠶᠢᠨ ᠬᠤᠭᠤᠴᠠᠭᠠᠨ ᠳᠤ ᠨᠠᠮ ᠵᠢᠮ ᠪᠠᠶᠢᠬᠰᠠᠨ ᠰᠤᠷᠭᠠᠭᠤᠯᠢ ᠶᠢᠨ ᠬᠦᠷᠢᠶ᠎ᠠ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠠᠮᠠᠷᠠᠯᠲᠠ ᠶᠢᠨ ᠬᠤᠭᠤᠴᠠᠭᠠᠨ ᠳᠤ ᠵᠠᠷᠢᠮ ᠰᠤᠷᠭᠠᠭᠤᠯᠢ ᠶᠢᠨ ᠪᠠᠭᠰᠢᠨᠡᠷ ᠰᠤᠷᠤᠭᠴᠢᠳ ᠲᠠᠭᠠᠨ ᠨᠢᠭᠡ ᠬᠤᠪᠢ ᠲᠠᠮᠢᠷ ᠤᠨ ᠳᠠᠰᠬᠠᠯ ᠦᠯᠡᠳᠡᠭᠡᠵᠦ᠂ ᠡᠳᠦᠷ ᠪᠦᠷᠢ 1 ᠴᠠᠭ ᠤᠨ ᠲᠠᠮᠢᠷ ᠤᠨ ᠪᠣᠯᠪᠠᠰᠤᠷᠠᠯ ᠢ ᠪᠠᠲᠤᠯᠠᠵᠤ᠂ ᠡᠷᠡᠭᠦᠯ ᠴᠢᠭᠢᠷᠠᠭ ᠪᠡᠶ᠎ᠡ ᠮᠠᠬᠠᠪᠣᠳ ᠢᠶᠠᠷ ᠵᠤᠬᠰᠤᠯᠳᠠ ᠪᠠᠳᠤ ᠵᠠᠩ ᠠᠷᠠᠨᠰᠢᠨ ᠢ ᠪᠤᠢ ᠪᠤᠯᠭᠠᠪᠠᠯ ᠵᠤᠬᠢᠨ᠎ᠠ ᠭᠡᠵᠦ ᠱᠠᠭᠠᠷᠳᠠᠵᠠᠢ᠃ ᠡᠨᠡ ᠨᠢ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠳᠠᠬᠢ ᠪᠡᠶ᠎ᠡ ᠶᠢᠨ ᠲᠠᠮᠢᠷ ᠤᠨ ᠣᠯᠠᠨ ᠡᠰᠢᠲᠦ ᠦᠨ᠎ᠡ ᠥᠷᠲᠡᠭ ᠢ ᠡᠯ᠎ᠡ ᠲᠠᠯ᠎ᠠ ᠶᠢᠨ ᠬᠢᠨ ᠢᠳᠡᠭ ᠢᠳᠡᠭ ᠢᠶᠠᠷ ᠵᠥᠪᠰᠢᠶᠡᠷᠡᠨ ᠮᠡᠳᠡᠷᠡᠭᠰᠡᠨ ᠵᠢᠱᠢᠶ᠎ᠡ ᠪᠢᠯᠠ᠃ ᠡᠯ᠎ᠡ ᠭᠠᠵᠠᠷ ᠤᠨ ᠬᠢᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠳᠣᠤᠷ᠎ᠠ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠲᠠᠮᠢᠷ ᠤᠨ ᠬᠢᠴᠢᠶᠡᠯ ᠳᠤ ᠢᠳᠡᠪᠬᠢᠲᠡᠶ ᠪᠠᠷ ᠬᠠᠶᠢᠨ ᠰᠥᠪᠡᠭᠴᠢᠯᠠᠯᠳᠠ ᠬᠢᠵᠥ᠂ ᠲᠠᠮᠢᠷ ᠤᠨ ᠬᠢᠴᠢᠶᠡᠯ ᠬᠥᠮᠥᠵᠢᠯ ᠢᠶᠠᠷ ᠬᠡᠤᠬᠡᠳ ᠤᠨ ᠥᠰᠥᠨ ᠪᠤᠶᠢᠵᠢᠯᠳᠠ ᠳᠤ ᠪᠠᠶᠠᠷ ᠬᠥᠷ᠂ ᠡᠷᠡᠬᠦᠯ ᠮᠠᠨᠳᠤ ᠤᠯᠭᠤᠵᠤ ᠪᠤᠢ᠃

ᠵᠢᠭᠠᠨ ᠰᠤᠷᠭᠠᠯᠳᠠ ᠶᠢᠨ ᠲᠤᠬᠢᠷᠠᠭᠤᠯᠤᠯᠳᠠ ᠪᠠᠨ ᠰᠢᠯᠢᠳᠡᠭᠵᠢᠭᠦᠯᠵᠦ᠂ ᠲᠠᠮᠢᠷ ᠤᠨ ᠬᠢᠴᠢᠶᠡᠯ ᠢ ᠴᠢᠬᠤᠯᠠᠴᠢᠯᠠᠨ ᠤᠷᠤᠵᠤ᠂ ᠲᠠᠮᠢᠷ ᠤᠨ ᠲᠠᠯᠠᠪᠠᠢ ᠳᠡᠭᠡᠷᠡᠬᠢ ᠠᠮᠤᠷ ᠲᠦᠪᠰᠢᠨ ᠤ ᠵᠠᠶ ᠶᠢ ᠪᠠᠲᠤᠯᠠᠵᠤ᠂ ᠰᠢᠬᠠᠯᠳᠤᠨ ᠴᠤᠭᠯᠠᠷᠠᠬᠤ ᠠᠴᠠ ᠵᠠᠶᠢᠯᠠᠰᠬᠢᠬᠤ᠂ ᠡᠬᠢᠨ ᠤ ᠦᠶ᠎ᠡ ᠳᠤ ᠰᠡᠷᠭᠦᠭᠡᠯᠲᠡ ᠶᠢᠨ ᠴᠢᠨᠠᠷᠲᠠᠢ ᠪᠣᠯᠪᠠᠰᠤᠷᠠᠯ ᠢᠶᠠᠷ ᠭᠤᠣᠯ ᠪᠣᠯᠭᠠᠨ ᠪᠡᠶ᠎ᠠ ᠮᠠᠬᠠᠪᠤᠳ ᠤᠨ ᠡᠷᠡᠬᠦᠯ ᠴᠢᠬᠢᠷᠠᠬ ᠥᠰᠥᠨ ᠪᠤᠶᠢᠵᠢᠯᠳᠠ ᠶᠢ ᠴᠢᠬᠤᠯᠠᠴᠢᠯᠠᠬᠤ ᠁ ᠡᠲᠡᠭᠡᠷ ᠠᠷᠭ᠎ᠠ ᠬᠡᠮᠵᠢᠶ᠎ᠡ ᠪᠣᠯ ᠴᠥᠮ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠬᠢᠴᠢᠶᠡᠯ ᠬᠥᠮᠥᠵᠢᠯ ᠤᠨ ᠬᠠᠨᠳᠤᠯᠭᠠᠲᠤ ᠴᠢᠨᠠᠷᠲᠠᠶ ᠲᠣᠬᠢᠷᠠᠭᠤᠯᠤᠯᠲᠠ ᠪᠣᠯᠤᠨ᠎ᠠ᠃ ᠬᠡᠷᠪᠡ ᠰᠤᠷᠭᠠᠭᠤᠯᠢ ᠶᠢᠨ ᠠᠮᠢᠳᠤᠷᠠᠯ ᠢ ᠥᠩᠭᠡ ᠪᠦᠷᠢ ᠪᠠᠷ ᠰᠤᠯᠤᠩᠭᠠᠷᠠᠭᠰᠠᠨ ᠵᠢᠷᠤᠭ ᠭᠡᠵᠦ ᠵᠦᠢᠷᠯᠡᠪᠡᠯ᠂ ᠪᠡᠶ᠎ᠡ ᠶᠢᠨ ᠲᠠᠮᠢᠷ ᠨᠢ ᠲᠡᠭᠦᠨ ᠤ ᠳᠣᠲᠣᠷᠠᠬᠢ ᠳᠤᠲᠠᠭᠳᠠᠵᠤ ᠪᠣᠯᠤᠰᠢ ᠦᠭᠡᠢ ᠨᠢᠬᠡᠨ ᠭᠡᠭᠡᠨ ᠥᠩᠭᠡ ᠪᠤᠯᠬᠤ ᠨᠢ ᠯᠠᠪᠳᠠᠢ᠃ ᠰᠤᠷᠤᠬᠴᠢᠳ ᠤᠨ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠳᠤᠷ᠎ᠠ ᠰᠣᠨᠢᠷᠬᠠᠯ ᠢ ᠬᠥᠮᠦᠵᠢᠭᠦᠯᠵᠦ᠂ ᠬᠥᠳᠡᠯᠭᠡᠭᠡᠨ ᠤ ᠤᠷ᠎ᠠ ᠴᠢᠳᠠᠪᠤᠷᠢ ᠶᠢ ᠡᠵᠡᠮᠰᠢᠭᠦᠯᠬᠦ ᠳᠤ ᠠᠮᠢᠳᠤ ᠴᠣᠪᠣᠭᠤᠯᠢᠭ ᠲᠠᠮᠢᠷ ᠤᠨ ᠬᠢᠴᠢᠶᠡᠯ ᠠᠴᠠ ᠰᠠᠯᠵᠤ ᠴᠢᠳᠠᠬᠤ ᠦᠭᠡᠢ ᠶᠤᠮ᠃ ᠢᠯᠠᠩᠭᠤᠶ᠎ᠠ ᠳᠤᠤᠷ᠎ᠠ ᠤᠨ ᠤ ᠬᠡᠦᠬᠡᠳ ᠤᠳ ᠢ ᠲᠠᠮᠢᠷ ᠤᠨ ᠬᠢᠴᠢᠶᠡᠯ ᠳᠡᠭᠡᠷ᠎ᠡ ᠪᠠᠶᠠᠷ ᠬᠥᠷ ᠲᠠᠢ ᠨᠠᠭᠠᠳᠤᠭᠤᠯᠬᠤ ᠨᠢ ᠪᠡᠶ᠎ᠡ ᠮᠠᠬᠠᠪᠣᠳ ᠢ ᠨᠢ ᠴᠢᠬᠢᠷᠠᠬᠵᠢᠭᠤᠯᠬᠤ ᠪᠠᠷ ᠥᠯᠥ ᠪᠠᠷᠠᠮ ᠨᠠᠩ ᠴᠤ ᠰᠡᠳᠬᠢᠯ ᠰᠠᠨᠠᠭ᠎ᠠ ᠶᠢ ᠨᠢ ᠠᠭᠤᠵᠢᠷᠠᠭᠤᠯᠳᠠᠬ ᠤᠴᠢᠷᠳᠠᠢ᠃

ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠤ ᠵᠢᠯᠣᠭᠤᠳᠣᠯᠭ᠎ᠠ ᠳᠣᠤᠷ᠎ᠠ᠂ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠨᠢᠭᠡᠨᠲᠡ ᠤᠯᠠᠮ ᠠᠴᠠ ᠤᠯᠠᠮ ᠴᠢᠬᠤᠯᠠᠴᠢᠯᠠᠭᠳᠠᠨ᠎ᠠ᠃ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢᠨ ᠠᠰᠠᠭᠤᠳᠠᠯ ᠢᠶᠠᠷ ᠲᠤᠰᠬᠠᠶ ᠮᠡᠷᠭᠡᠵᠢᠯᠲᠡᠨ ᠨᠤᠲᠠᠯᠠᠯᠲᠠ ᠬᠢᠭᠰᠡᠨ ᠥᠷ᠎ᠠ ᠳ᠋ᠥᠡᠭ ᠢ ᠥᠨᠳᠤᠰᠤᠯᠠᠪᠠᠯ᠂ ᠵᠠᠯᠠᠭᠤᠴᠤᠳ ᠪᠠᠭᠠᠴᠤᠳ ᠤᠨ ᠡᠳᠦᠷ ᠪᠦᠷᠢ 1 ᠴᠠᠭ ᠤᠨ ᠭᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠪᠠᠲᠤᠯᠠᠬᠤ ᠨᠢ ᠣᠶᠢᠷ᠎ᠠ ᠬᠠᠷᠠᠭ᠎ᠠ ᠶᠢᠨ ᠡᠭᠦᠰᠬᠦ ᠨᠣᠷᠮ᠎ᠠ ᠶᠢ ᠪᠦᠲᠦᠮᠵᠢᠲᠡᠶ ᠪᠠᠷ ᠪᠠᠭᠤᠷᠠᠭᠤᠯᠵᠤ ᠴᠢᠳᠠᠨ᠎ᠠ᠃ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠭᠦᠶ᠋ᠴᠡᠳ ᠣᠷᠣᠯᠴᠠᠬᠤ ᠠᠴᠠ ᠪᠤᠯᠵᠤ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠳᠤ ᠠᠪᠴᠢᠷᠠᠭᠰᠠᠨ ᠦᠨ᠎ᠡ ᠥᠷᠲᠡᠭ ᠨᠢ ᠣᠶᠢᠷ᠎ᠠ ᠬᠠᠷᠠᠭ᠎ᠠ ᠶᠢ ᠤᠷᠢᠳᠴᠢᠯᠠᠨ ᠰᠡᠷᠭᠡᠶᠢᠯᠡᠬᠦ ᠲᠡᠳᠤᠢ ᠯᠠ ᠪᠢᠰᠢ ᠶᠤᠮ᠂ ᠬᠠᠷᠢᠨ ᠪᠡᠶ᠎ᠡ ᠶᠢᠨ ᠲᠠᠮᠢᠷ ᠢ ᠬᠡᠪ ᠴᠢᠨᠠᠷ ᠤᠨ ᠰᠤᠷᠭᠠᠨ ᠬᠥᠮᠦᠵᠢᠯ ᠢ ᠬᠥᠰᠢᠵᠦ ᠬᠥᠳᠡᠯᠭᠡᠬᠦ ᠴᠢᠬᠤᠯᠠ ᠬᠥᠰᠢᠭᠦᠷᠭᠡ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠳᠠᠬᠢ ᠥᠢᠯᠡᠳᠤᠯ ᠢ ᠨᠢ ᠨᠠᠩ ᠬᠥᠢᠴᠡᠳ ᠪᠠᠳᠠᠷᠠᠭᠤᠯᠪᠠᠯ ᠵᠤᠬᠢᠨ᠎ᠠ᠃

ᠲᠠᠮᠢᠷ ᠤᠨ ᠬᠢᠴᠢᠶᠡᠯ ᠠᠴᠠ ᠭᠠᠳᠠᠨ᠎ᠠ ᠬᠡᠤᠬᠡᠳ ᠪᠠᠭᠠᠴᠤᠳ ᠲᠤ ᠨᠠᠩ ᠣᠯᠠᠨ ᠪᠡᠶ᠎ᠡ ᠶᠢᠨ ᠲᠠᠮᠢᠷ ᠤᠨ ᠲᠤᠨᠤᠬ ᠲᠥᠬᠦᠬᠡᠷᠤᠮᠵᠢ ᠬᠠᠩᠭᠠᠵᠤ ᠥᠭᠬᠦ ᠳᠤ ᠬᠡᠷ ᠪᠦᠯᠢ᠂ ᠰᠤᠷᠭᠠᠭᠤᠯᠢ ᠪᠠ ᠨᠡᠶᠢᠭᠡᠮ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠴᠢᠬᠤᠯᠠᠳᠠᠢ᠃ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠳᠤᠷ᠎ᠠ ᠰᠣᠨᠢᠷᠬᠠᠯ ᠤᠨ ᠳᠤᠭᠤᠶᠢᠯᠠᠩ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠺᠯᠦ᠋ᠪ᠂ ᠭᠠᠷᠠᠭ ᠤᠨ ᠰᠡᠭᠦᠯᠴᠢ ᠶᠢᠨ ᠰᠤᠷᠭᠠᠭᠤᠯᠢ ᠶᠢᠨ ᠭᠠᠳᠠᠨᠠᠬᠢ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠶᠢᠭᠤᠯᠤᠮᠵᠢ ᠨᠢ ᠪᠦᠷ ᠬᠡᠤᠬᠡᠳ ᠤᠨ ᠪᠡᠶ᠎ᠡ ᠶᠢᠨ ᠲᠠᠮᠢᠷ ᠤᠨ ᠠᠮᠢᠳᠤᠷᠠᠯ ᠳᠤ ᠨᠠᠩ ᠣᠯᠠᠨ ᠡᠰᠢᠲᠦ ᠪᠠ ᠲᠤᠰᠬᠠᠶ ᠮᠡᠷᠭᠡᠵᠢᠯ ᠤᠨ ᠰᠣᠩᠭᠤᠯᠲᠠ ᠬᠠᠩᠭᠠᠵᠤ ᠪᠠᠶᠢᠳᠠᠬ᠃ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠵᠤ ᠪᠠᠶᠢᠭ᠎ᠠ ᠳᠠᠰᠢᠷᠠᠮ ᠳᠤ ᠪᠢᠳᠡ ᠲᠠᠮᠢᠷ ᠤᠨ ᠬᠦᠳᠡᠯᠭᠡᠭᠡᠨ ᠬᠢᠯᠭᠡᠬᠦ ᠶᠢ ᠬᠡᠦᠬᠡᠳ ᠤᠨ ᠡᠳᠦᠷ ᠳᠤᠲᠤᠮ ᠤᠨ ᠠᠮᠢᠳᠤᠷᠠᠯ ᠳᠤ ᠠᠭᠤᠰᠬᠠᠨ ᠣᠷᠣᠭᠤᠯᠵᠤ᠂ ᠡᠷᠡᠭᠦᠯ ᠮᠠᠨᠳᠦ ᠪᠡᠶ᠎ᠡ ᠰᠡᠳᠬᠢᠯ ᠢ ᠨᠢ ᠬᠥᠮᠥᠵᠢᠬᠦᠯᠬᠦ ᠪᠣᠯ ᠲᠡᠳᠡᠨ ᠤ ᠦᠰᠦᠨ ᠪᠤᠶᠢᠵᠢᠯᠲᠠ ᠳᠤ ᠬᠦᠴᠦᠨ ᠨᠡᠮᠡᠷᠢᠯᠡᠬᠦ ᠨᠠᠨᠳᠢᠨ ᠪᠡᠯᠡᠭ ᠪᠣᠯᠬᠤ ᠨᠢ ᠯᠠᠪᠳᠠᠢ᠃( ᠪᠤᠤ ᠦᠷᠭᠡᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ