8 ᠰᠠᠷ᠎ᠠ ᠶᠢᠨ 23 ᠤ ᠡᠳᠦᠷ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠬᠠᠮᠢᠶᠠᠷᠤᠯᠲᠠ ᠶᠢᠨ ᠲᠥᠪ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠪ᠂ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠭᠢᠯᠡᠭᠰᠡᠨ ᠪᠥᠬᠦ ᠤᠯᠤᠰ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠵᠠᠭᠤᠨ ᠬᠤᠲᠠ ᠮᠢᠩᠭᠠᠨ ᠲᠣᠰᠬᠤᠨ ᠳᠠᠬᠢ ᠦᠵᠡᠭᠦᠯᠭᠡ ᠶᠢᠨ ᠠᠵᠢᠯᠯᠠᠭ᠎ᠠ ᠶᠢᠨ ᠥᠪᠥᠷ ᠮᠣᠩᠭᠤᠯ ᠳᠠᠬᠢ ᠡᠬᠢᠯᠡᠯᠲᠡ ᠶᠢᠨ ᠶᠣᠰᠣᠯᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠶᠢᠷ᠎ᠠ ᠬᠠᠯᠠᠮᠵᠢ ᠬᠦᠷᠭᠡᠬᠦ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠵᠠᠯᠠᠨ ᠠᠶᠢᠯ ᠬᠤᠲᠠ ᠶᠢᠨ ᠲᠢᠶᠠᠨ ᠪᠠᠶ ᠱᠠᠨ ᠠᠭᠤᠳᠠᠮ ᠲᠠᠯᠠᠪᠠᠶ ᠳᠤ ᠶᠠᠪᠤᠭᠳᠠᠪᠠ᠃

ᠶᠣᠰᠣᠯᠠᠯ ᠳᠤ ᠵᠠᠯᠠᠨ ᠠᠶᠢᠯ ᠬᠤᠲᠠ ᠶᠢᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠪᠣᠯᠤᠨ ᠬᠠᠶᠢᠷ᠎ᠠ ᠬᠠᠯᠠᠮᠵᠢ ᠲᠠᠢ ᠬᠥᠮᠦᠰ ᠤᠨ ᠬᠢᠵᠢᠭ ᠢ ᠡᠰᠡᠷᠭᠦᠴᠡᠬᠦ ᠳᠤ ᠬᠠᠨᠳᠢᠪᠯᠠᠭᠰᠠᠨ ᠰᠠᠶᠢᠰᠢᠶᠠᠨ ᠬᠥᠬᠢᠭᠦᠯᠬᠦ ᠮᠡᠳᠡᠭᠡᠯᠡᠯ ᠢ ᠤᠩᠰᠢᠵᠠᠶ᠃ 8 ᠲᠥᠯᠥᠭᠡᠯᠡᠭᠴᠢ ᠶᠢᠨ ᠠᠩᠭᠢ ᠶᠢᠨ 120 ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠪᠣᠯᠪᠠᠰᠤᠷᠠᠯ ᠬᠢᠭᠰᠡᠳ ᠤᠨ ᠲᠣᠭᠯᠠᠯᠲᠠ ᠶᠢ ᠳᠡᠯᠭᠡᠨ ᠦᠵᠡᠭᠦᠯᠵᠠᠢ᠃

ᠪᠦᠬᠦ ᠤᠯᠤᠰ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠵᠠᠭᠤᠨ ᠬᠤᠲᠠ ᠮᠢᠩᠭᠠᠨ ᠲᠣᠰᠬᠤᠨ ᠳᠠᠬᠢ ᠦᠵᠡᠭᠦᠯᠭᠡ ᠶᠢᠨ ᠠᠵᠢᠯᠯᠠᠭ᠎ᠠ ᠨᠢ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠪᠣᠯᠪᠠᠰᠤᠷᠠᠯ ᠤᠨ ᠪᠠᠭ᠋ᠠᠳᠠᠳ ᠤᠷ᠎ᠠ ᠮᠡᠷᠭᠡᠵᠢᠯ ᠢᠶᠠᠨ ᠰᠣᠯᠢᠯᠴᠠᠬᠤ᠂ ᠴᠤᠭ ᠵᠢᠪᠬᠤᠭ᠎ᠠ ᠪᠠᠨ ᠳᠡᠯᠭᠡᠨ ᠦᠵᠡᠭᠦᠯᠬᠦ᠂ ᠨᠥᠬᠦᠷᠯᠡᠯ ᠢᠶᠠᠨ ᠵᠤᠵᠠᠭᠠᠳᠬᠠᠬᠤ ᠲᠠᠪᠴᠠᠩ ᠬᠠᠩᠭᠠᠵᠠᠶ᠃(ᠪᠤᠤ ᠦᠷᠭᠡᠨ)

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ