ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠦᠴᠤᠸᠠᠨ ᠤ ᠪᠣᠯᠪᠠᠰᠤᠷᠠᠯ ᠤᠨ ᠰᠠᠭᠤᠷᠢᠨ ᠤ ᠬᠠᠮᠢᠶᠠᠷᠤᠯᠲᠠ ᠶᠢᠨ ᠲᠥᠪ ᠨᠢ ᠤᠯᠤᠰ ᠤᠨ ᠲᠡᠰ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠰᠠᠭᠤᠷᠢᠨ ᠪᠤᠯᠤᠬᠰᠠᠨ ᠤ ᠬᠤᠪᠢ ᠳᠤ᠂ ᠣᠨᠴᠠᠯᠢᠭ ᠢᠶᠠᠷ ᠲᠤᠪᠤᠶᠢᠮ᠎ᠠ᠂ ᠦᠢᠯᠡᠴᠢᠯᠡᠭᠡ ᠪᠠᠷ ᠲᠡᠷᠢᠬᠦᠨ᠂ ᠦᠷ᠎ᠡ ᠪᠦᠲᠦᠮᠵᠢ ᠪᠠᠷ ᠢᠯᠡᠷᠬᠡᠢ ᠤᠯᠤᠰ ᠤᠨ ᠲᠡᠰ ᠤᠨ ᠲᠥᠷᠥᠯ ᠲᠡᠮᠳᠡᠭᠲᠦ ᠪᠣᠯᠪᠠᠰᠤᠷᠠᠯ ᠤᠨ ᠰᠠᠭᠤᠷᠢᠨ ᠤ ᠬᠠᠮᠢᠶᠠᠷᠤᠯᠲᠠ ᠶᠢᠨ ᠲᠥᠪ ᠢ ᠴᠢᠷᠮᠠᠶᠢᠨ ᠪᠠᠶᠢᠭᠤᠯᠵᠤ᠂ ᠬᠦᠯᠢᠶᠡᠨ ᠠᠪᠴᠤ ᠵᠣᠴᠢᠯᠠᠬᠤ ᠲᠦᠪᠰᠢᠨ ᠢᠶᠠᠨ ᠲᠡᠭᠡᠭᠰᠢᠯᠡᠬᠦᠯᠬᠦ ᠪᠡ ᠬᠦᠯᠢᠶᠡᠨ ᠠᠪᠬᠤ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠭᠡᠵᠥ ᠪᠤᠢ᠃

ᠡᠨᠡ ᠵᠢᠯ ᠤᠨ 8 ᠰᠠᠷ᠎ᠠ ᠶᠢᠨ ᠳᠤᠮᠳᠠᠴᠢ ᠪᠣᠯᠲᠠᠯ᠎ᠠ᠂ ᠲᠤᠰ ᠬᠠᠮᠢᠶᠠᠷᠤᠯᠳᠠ ᠶᠢᠨ ᠲᠥᠪ ᠵᠤᠰᠠᠯᠠᠩ ᠤᠨ ᠪᠤᠯᠪᠠᠰᠤᠷᠠᠯ ᠤᠨ ᠲᠠᠯ᠎ᠠ ᠪᠠᠷ ᠤᠷᠢᠳ ᠬᠤᠵᠢᠳ ᠤᠯᠤᠰ ᠤᠨ ᠠᠯᠬᠤᠭ᠎ᠠ ᠤᠷᠤᠯᠳᠤᠭᠠᠨ ᠤ ᠠᠩᠭᠢ᠂ ᠤᠯᠤᠰ ᠤᠨ ᠵᠢᠦᠳᠣᠣ ᠪᠥᠬᠡ ᠶᠢᠨ ᠠᠩᠭᠢ᠂ ᠪᠡᠭᠡᠵᠢᠩ ᠶᠡᠭᠡ ᠰᠤᠷᠭᠠᠭᠤᠯᠢ ᠶᠢᠨ ᠬᠤᠯᠠ ᠭᠦᠶᠦᠯᠲᠡ ᠶᠢᠨ ᠠᠩᠭᠢ᠂ ᠴᠢᠩᠬᠤᠸᠠ ᠶᠡᠭᠡ ᠰᠤᠷᠭᠠᠭᠤᠯᠢ ᠶᠢᠨ ᠬᠤᠯᠠ ᠭᠦᠶᠦᠯᠲᠡ ᠶᠢᠨ ᠠᠩᠭᠢ᠂ ᠪᠡᠭᠡᠵᠢᠩ ᠤᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠶᠢᠨ ᠬᠤᠯᠠ ᠭᠦᠶᠦᠯᠲᠡ ᠶᠢᠨ ᠠᠩᠭᠢ᠂ ᠪᠡᠭᠡᠵᠢᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠬᠤᠯᠠ ᠭᠦᠶᠦᠯᠲᠡ ᠶᠢᠨ ᠠᠩᠭᠢ᠂ ᠱᠠᠨᠳᠦ᠋ᠩ ᠤᠨ ᠠᠯᠬᠤᠭ᠎ᠠ ᠤᠷᠤᠯᠳᠤᠭᠠᠨ ᠤ ᠠᠩᠭᠢ᠂ ᠱᠠᠨᠳᠦ᠋ᠩ ᠤᠨ ᠬᠤᠯᠠ ᠭᠦᠶᠦᠯᠲᠡ ᠶᠢᠨ ᠠᠩᠭᠢ᠂ ᠱᠠᠨ ᠰᠢ ᠶᠢᠨ ᠬᠤᠯᠠ ᠭᠦᠶᠦᠯᠲᠡ ᠶᠢᠨ ᠠᠩᠭᠢ᠂ ᠬᠥᠬᠡᠨᠠᠭᠤᠷ ᠤᠨ ᠵᠢᠦᠳᠣᠣ ᠪᠥᠬᠡ ᠶᠢᠨ ᠠᠩᠭᠢ᠂ ᠭᠠᠨᠰᠦ ᠶᠢᠨ ᠵᠢᠦᠳᠣᠣ ᠪᠥᠬᠡ ᠶᠢᠨ ᠠᠩᠭᠢ᠂ ᠭᠤᠸᠠᠩᠵᠧᠦ ᠶᠢᠨ ᠵᠢᠦᠳᠣᠣ ᠪᠥᠬᠡ ᠶᠢᠨ ᠠᠩᠭᠢ᠂ ᠯᠠᠨᠵᠧᠤ ᠶᠢᠨ ᠵᠢᠦᠳᠣᠣ ᠪᠥᠬᠡ ᠶᠢᠨ ᠠᠩᠭᠢ᠂ ᠰᠧᠴᠤᠸᠠᠨ ᠤ ᠵᠢᠦᠳᠣᠣ ᠪᠥᠬᠡ ᠶᠢᠨ ᠠᠩᠭᠢ ᠵᠡᠷᠭᠡ 8 ᠮᠤᠵᠢ ᠬᠤᠲᠠ ᠥᠪᠡᠷᠲᠡᠭᠡᠨ ᠵᠠᠰᠠᠬᠤ ᠣᠷᠣᠨ ᠤ 32 ᠲᠠᠮᠢᠷ ᠤᠨ ᠠᠩᠭᠢ ᠶᠢᠨ 830 ᠲᠠᠮᠢᠷᠴᠢᠨ ᠢ ᠬᠥᠯᠢᠶᠠᠨ ᠠᠪᠴᠤ᠂ ᠪᠤᠯᠪᠠᠰᠤᠷᠠᠯ ᠤᠨ ᠡᠬᠦᠷᠭᠡ ᠶᠢ ᠠᠮᠵᠢᠯᠳᠠ ᠲᠠᠢ ᠪᠡᠶᠡᠯᠡᠬᠦᠯᠥᠭᠰᠡᠨ ᠪᠠᠶᠢᠨ᠎ᠠ᠃

ᠵᠤᠰᠠᠯᠠᠩ ᠤᠨ ᠬᠤᠭᠤᠴᠠᠭᠠᠨ ᠳᠤ ᠲᠤᠰ ᠬᠠᠮᠢᠶᠠᠷᠤᠯᠳᠠ ᠶᠢᠨ ᠲᠥᠪ ᠬᠠᠭᠠᠰ ᠪᠢᠲᠡᠭᠦᠮᠵᠢᠯᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠰᠢᠮ᠎ᠡ ᠲᠡᠵᠢᠭᠡᠯᠲᠦ ᠢᠳᠡᠭᠡᠨ ᠤᠮᠳᠠᠭᠠᠨ ᠢ ᠪᠠᠲᠤᠯᠠᠵᠤ᠂ ᠴᠠᠭ ᠲᠤᠬᠠᠶ ᠳᠤᠨᠢ ᠠᠷᠢᠭᠤᠳᠬᠠᠵᠤ᠂ ᠴᠢᠩᠭ᠎ᠠ ᠰᠡᠷᠭᠡᠶᠢᠯᠡᠨ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠥ᠂ ᠡᠯ᠎ᠡ ᠪᠠᠶᠢᠭᠤᠯᠭ᠎ᠠ ᠨᠢᠭᠡᠴᠢ ᠶᠢᠨ ᠰᠢᠯᠵᠢᠭᠦᠯᠦᠨ ᠪᠣᠯᠪᠠᠰᠤᠷᠠᠭᠤᠯᠬᠤ ᠠᠵᠢᠯ ᠳᠤ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠡᠯ᠎ᠠ ᠲᠠᠯ᠎ᠠ ᠶᠢᠨ ᠪᠠᠲᠤᠯᠠᠭ᠎ᠠ ᠶᠢᠨ ᠡᠭᠦᠷᠭᠡ ᠶᠢ ᠰᠠᠶᠢᠳᠤᠷ ᠪᠡᠶᠡᠯᠡᠭᠦᠯᠵᠥ ᠪᠤᠢ᠃( ᠪᠤᠤ ᠦᠷᠭᠡᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ