ᠤᠢ᠌ᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠥᠬᠦ ᠤᠯᠤᠰ ᠤᠨ ᠲᠠᠪᠤᠳᠤᠭᠠᠷ ᠤᠳᠠᠭ᠎ᠠ ᠶᠢᠨ ᠤᠯᠤᠰ ᠠᠷᠠᠳ ᠤᠨ ᠪᠡᠶ᠎ᠡ ᠮᠠᠬᠠᠪᠣᠳ ᠢ ᠪᠠᠶᠢᠴᠠᠭᠠᠬᠤ ᠠᠵᠢᠯ ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠲᠤ ᠵᠢᠩᠬᠢᠨᠢ ᠪᠠᠷ ᠡᠬᠢᠯᠡᠵᠦ᠂ ᠬᠥᠬᠡᠬᠤᠲᠠ᠂ ᠤᠯᠠᠭᠠᠨᠬᠠᠳᠠ ᠬᠤᠲᠠ ᠪᠠᠰᠠ ᠪᠠᠶᠢᠴᠠᠭᠠᠬᠤ ᠠᠵᠢᠯ ᠢ ᠥᠷᠨᠢᠭᠦᠯᠬᠦ ᠪᠣᠯᠤᠨ᠎ᠠ᠃

ᠣᠶᠢᠯᠠᠭᠠᠭᠰᠠᠨ ᠢᠶᠠᠷ᠂ ᠤᠯᠤᠰ ᠠᠷᠠᠳ ᠤᠨ ᠪᠡᠶ᠎ᠡ ᠮᠠᠬᠠᠪᠣᠳ ᠤᠨ ᠪᠠᠶᠢᠴᠠᠭᠠᠯᠲᠠ ᠪᠣᠯ ᠤᠯᠤᠰ ᠠᠴᠠ ᠤᠯᠤᠰ ᠠᠷᠠᠳ ᠤᠨ ᠪᠡᠶ᠎ᠡ ᠮᠠᠬᠠᠪᠣᠳ ᠤᠨ ᠪᠠᠶᠢᠳᠠᠯ ᠢ ᠰᠢᠰᠲ᠋ᠧᠮ ᠲᠠᠢ ᠡᠵᠡᠮᠰᠢᠬᠦ ᠶᠢᠨ ᠲᠥᠯᠥᠭᠡ ᠦᠯᠢᠭᠡᠷ ᠠᠪᠴᠤ ᠪᠠᠶᠢᠴᠠᠭᠠᠬᠤ ᠠᠷᠭ᠎ᠠ ᠮᠠᠶ᠋ᠢᠭ ᠪᠣᠯᠤᠨ᠎ᠠ᠂ ᠤᠯᠤᠰ ᠠᠴᠠ ᠨᠡᠶᠢᠲᠡᠯᠡᠭᠰᠡᠨ ᠤᠯᠤᠰ ᠠᠷᠠᠳ ᠤᠨ ᠪᠡᠶ᠎ᠡ ᠮᠠᠬᠠᠪᠣᠳ ᠢ ᠪᠠᠶᠢᠴᠠᠭᠠᠬᠤ  ᠭᠦᠢᠴᠡᠳᠬᠡᠯ ᠲᠤᠭ᠎ᠠ ᠶᠣᠰᠣᠭᠠᠷ᠂ ᠪᠦᠬᠦ ᠤᠯᠤᠰ ᠤᠨ ᠬᠡᠪᠴᠢᠶᠡᠨ ᠳᠤ ᠪᠠᠶᠢᠴᠠᠭᠠᠬᠤ ᠡᠲᠡᠭᠡᠳ ᠲᠤ ᠲᠣᠭᠲᠠᠮᠠᠯ ᠬᠤᠭᠤᠴᠠᠭ᠎ᠠ ᠲᠠᠢ ᠪᠠᠷ ᠨᠢᠭᠡᠳᠦᠯᠲᠡᠶ ᠰᠢᠯᠭᠠᠯᠲᠠ ᠬᠢᠬᠦ ᠪᠠ ᠪᠠᠶᠢᠴᠠᠭᠠᠭᠰᠠᠨ ᠲᠤᠭ᠎ᠠ ᠪᠠᠷᠢᠮᠲᠠ ᠶᠢ ᠵᠠᠳᠠᠯᠤᠨ ᠰᠤᠳᠤᠯᠬᠤ ᠠᠵᠢᠯ ᠪᠤᠯᠤᠨ᠎ᠠ᠃ ᠤᠯᠤᠰ ᠤᠨ ᠤᠯᠤᠰ ᠠᠷᠠᠳ ᠤᠨ ᠪᠡᠶ᠎ᠡ ᠮᠠᠬᠠᠪᠣᠳ ᠤᠨ ᠪᠠᠶᠢᠴᠠᠭᠠᠯᠳᠠ 2000 ᠣᠨ ᠳᠤ ᠡᠬᠢᠯᠡᠵᠦ᠂ 5 ᠵᠢᠯ ᠳᠤ ᠨᠢᠭᠡ ᠤᠳᠠᠭ᠎ᠠ ᠶᠠᠪᠤᠭᠳᠠᠨ᠎ᠠ᠃ ᠮᠠᠨ ᠤ ᠤᠯᠤᠰ ᠣᠳᠣ ᠪᠣᠯᠲᠠᠯ᠎ᠠ 4 ᠤᠳᠠᠭ᠎ᠠ ᠶᠢᠨ ᠪᠦᠬᠦ ᠤᠯᠤᠰ ᠤᠨ 31 ᠮᠣᠵᠢ (ᠣᠷᠣᠨ᠂ ᠬᠤᠲᠠ) ᠶᠢ ᠪᠦᠷᠬᠦᠭᠰᠡᠨ ᠤᠯᠤᠰ ᠠᠷᠠᠳ ᠤᠨ ᠪᠡᠶ᠎ᠡ ᠮᠠᠬᠠᠪᠣᠳ ᠤᠨ ᠪᠠᠶᠢᠴᠠᠭᠠᠯᠳᠠ ᠬᠢᠵᠦ᠂ ᠳᠤᠮᠳᠠᠳᠤ ᠤᠯᠤᠰ ᠤᠨ ᠠᠷᠠᠳ ᠢᠷᠭᠡᠳ ᠤᠨ ᠪᠡᠶ᠎ᠡ ᠮᠠᠬᠠᠪᠣᠳ ᠤᠨ ᠪᠠᠶᠢᠴᠠᠭᠠᠯᠳᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠮᠠᠨ ᠤ ᠤᠯᠤᠰ ᠤᠨ ᠤᠯᠤᠰ ᠠᠷᠠᠳ ᠤᠨ ᠪᠡᠶ᠎ᠡ ᠮᠠᠬᠠᠪᠣᠳ ᠤᠨ ᠦᠨᠳᠦᠰᠦᠨ ᠬᠤᠪᠢᠷᠠᠯᠲᠠ ᠶᠢᠨ ᠵᠢᠮ᠎ᠡ ᠶᠣᠰᠣ ᠶᠢ ᠡᠵᠡᠮᠰᠢᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠦᠢᠯᠡᠰ ᠢ ᠬᠦᠭᠵᠢᠬᠦᠯᠬᠦ ᠪᠠ ᠤᠯᠤᠰ ᠠᠷᠠᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠬᠤ ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠳᠤ ᠴᠢᠬᠤᠯᠠ ᠦᠨᠳᠦᠰᠦᠯᠡᠯ ᠬᠠᠩᠭᠠᠵᠠᠢ᠃ ᠤᠯᠤᠰ ᠠᠷᠠᠳ ᠤᠨ ᠪᠡᠶ᠎ᠡ ᠮᠠᠬᠠᠪᠣᠳ ᠢ ᠪᠠᠶᠢᠴᠠᠭᠠᠭᠰᠠᠨ ᠦᠷ᠎ᠡ ᠳ᠋ᠦᠩ ᠨᠢ ᠨᠢᠭᠡᠨᠲᠡ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠲᠣᠭᠲᠠᠭᠠᠬᠤ ᠪᠠ ᠦᠨᠡᠯᠡᠨ ᠵᠢᠱᠢᠬᠦ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠴᠢᠬᠤᠯᠠ ᠭᠦᠢᠴᠡᠳᠬᠡᠯ ᠲᠤᠭ᠎ᠠ ᠪᠠ ᠲᠤᠭ᠎ᠠ ᠪᠠᠷᠢᠮᠲᠠ ᠶᠢᠨ ᠢᠷᠡᠯᠲᠡ ᠪᠣᠯᠤᠭᠰᠠᠨ ᠪᠠᠶᠢᠨ᠎ᠠ᠃ ( ᠤᠷᠭᠤᠮᠠᠯ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ