ᠶᠢᠰᠣᠳᠣᠭᠡᠷ ᠰᠠᠷ᠎ᠠ ᠶᠢᠨ ᠠᠷᠪᠠᠨ ᠳᠤ᠂ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠬᠦᠲᠡᠯᠬᠡᠬᠡᠨ ᠤ ᠰᠤᠷᠭᠠᠭᠤᠯᠢ ᠵᠢᠩᠬᠢᠨᠢ ᠪᠠᠷ ᠫᠠᠶᠢᠰᠠ ᠰᠡᠬᠦᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠠᠷᠠᠳ ᠤᠨ ᠵᠠᠰᠠᠭ ᠤᠨ ᠤᠷᠲᠤᠨ ᠤ ᠳᠠᠷᠤᠭ᠎ᠠ ᠵᠢᠶᠠᠩ ᠬᠤᠩ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠵᠢᠶᠠᠩ ᠪᠦᠦ ᠳ᠋ᠦᠩ᠂ ᠬᠤᠲᠠ ᠶᠢᠨ ᠵᠠᠰᠠᠭ ᠤᠨ ᠤᠷᠲᠤᠨ ᠤ ᠳᠡᠳ᠋ ᠳᠠᠷᠤᠭ᠎ᠠ ᠯᠢᠦᠶ ᠬᠦᠶ ᠾᠧ ᠶᠣᠰᠣᠯᠠᠯ ᠳᠤ ᠣᠷᠣᠯᠴᠠᠪᠠ᠃

ᠫᠠᠶᠢᠰᠠ ᠰᠡᠬᠦᠬᠦ ᠶᠣᠰᠣᠯᠠᠯ ᠳᠡᠭᠡᠷ᠎ᠡ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠬᠦᠲᠡᠯᠬᠡᠬᠡᠨ ᠤ ᠰᠤᠷᠭᠠᠭᠤᠯᠢ ᠶᠢᠨ ᠵᠠᠬᠢᠷᠤᠯ ᠰᠤᠷᠭᠠᠭᠤᠯᠢ ᠶᠢᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠵᠤ᠂ ᠵᠢᠶᠠᠩ ᠪᠦᠦ ᠳ᠋ᠦᠩ᠂ ᠯᠢᠦᠶ ᠬᠦᠶ ᠾᠧ ᠲᠣᠰ ᠲᠣᠰ ᠪᠠᠶᠠᠷ ᠤᠨ ᠦᠭᠡ ᠬᠡᠯᠡᠵᠤ᠂ ᠵᠢᠶᠠᠩ ᠬᠤᠩ᠂ ᠵᠢᠶᠠᠩ ᠪᠦᠦ ᠳ᠋ᠦᠩ ᠬᠠᠮᠲᠤ ᠪᠠᠷ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠬᠦᠲᠡᠯᠬᠡᠬᠡᠨ ᠤ ᠰᠤᠷᠭᠠᠭᠤᠯᠢ ᠶᠢᠨ ᠫᠠᠶᠢᠰᠠ ᠶᠢ ᠰᠡᠬᠦᠪᠡ᠃

ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠬᠦᠲᠡᠯᠬᠡᠬᠡᠨ ᠤ ᠰᠤᠷᠭᠠᠭᠤᠯᠢ ᠪᠤᠯ ᠤᠤᠯ ᠤᠨ ᠮᠢᠩᠭ᠎ᠠ ᠶᠢᠰᠤᠨ ᠵᠠᠭᠤ ᠲᠠᠯᠠᠨ ᠲᠠᠪᠤᠨ ᠤᠨ ᠳᠤ ᠪᠠᠶᠢᠭᠤᠯᠤᠭᠳᠠᠭᠰᠠᠨ ᠬᠥᠯᠥᠨ ᠪᠤᠶᠢᠷ ᠬᠤᠲᠠ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠤᠷᠭᠠᠭᠤᠯᠢ ᠪᠤᠯᠤᠨ᠎ᠠ᠃ ᠦᠢᠷ᠎ᠠ ᠶᠢᠨ ᠵᠢᠯ ᠳᠤ᠂ ᠲᠤᠰ ᠰᠤᠷᠭᠠᠭᠤᠯᠢ ︽ᠶᠣᠰᠣ ᠮᠣᠷᠠᠯ ᠢᠶᠠᠷ ᠬᠥᠮᠦᠨ ᠢ ᠬᠥᠮᠦᠵᠢᠭᠦᠯᠬᠦ᠂ ᠬᠥᠮᠦᠨ ᠢ ᠬᠦᠮᠤᠵᠢᠬᠦᠯᠤᠨ ᠬᠢᠷᠢ ᠪᠦᠲᠤᠮᠵᠢ ᠡᠬᠦᠳᠬᠦ︾ ᠰᠤᠷᠭᠠᠭᠤᠯᠢ ᠡᠷᠬᠢᠯᠡᠬᠦ ᠦᠢᠯᠠᠭᠠᠭᠳᠠᠬᠤᠨ ᠪᠠ ᠵᠣᠷᠢᠯᠲᠠ ᠶᠣᠰᠣᠭᠠᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠰᠢᠯᠢᠳᠡᠭ ᠴᠢᠳᠠᠪᠤᠷᠢᠲᠠᠨ ᠢ ᠲᠠᠰᠤᠷᠠᠯᠲᠠ ᠦᠭᠡᠢ ᠰᠣᠩᠭᠤᠨ ᠬᠥᠮᠦᠵᠢᠭᠦᠯᠵᠦ᠂ ᠬᠥᠯᠥᠨ ᠪᠤᠶᠢᠷ ᠬᠤᠲᠠ᠂ ᠥᠪᠡᠷᠲᠡᠭᠡᠨ ᠵᠠᠰᠠᠬᠤ ᠣᠷᠣᠨ‌‍ᠴᠢᠨᠠᠭᠰᠢᠯᠠᠪᠠᠯ ᠤᠯᠤᠰ ᠲᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠰᠢᠯᠢᠳᠡᠭ ᠴᠢᠳᠠᠪᠤᠷᠢᠲᠠᠨ ᠢ ᠦᠯᠡᠮᠵᠢ ᠣᠯᠠᠨ ᠬᠥᠮᠦᠵᠢᠭᠦᠯᠦᠨ ᠬᠦᠷᠭᠡᠪᠡ᠃ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠬᠦᠲᠡᠯᠬᠡᠬᠡᠨ ᠤ ᠰᠤᠷᠭᠠᠭᠤᠯᠢ ᠵᠢᠩᠬᠢᠨᠢ ᠪᠠᠷ ᠪᠠᠶᠢᠭᠤᠯᠤᠭᠳᠠᠭᠰᠠᠨ ᠨᠢ ᠬᠥᠯᠥᠨ ᠪᠤᠶᠢᠷ ᠤᠨ ᠮᠥᠰᠥ ᠴᠠᠰᠤᠨ ᠤ ᠬᠥᠳᠡᠯᠭᠡᠭᠡᠨ ᠤ ᠪᠦᠬᠦ ᠣᠷᠣᠨ ᠳᠠᠬᠢ ᠲᠡᠷᠢᠬᠦᠨ ᠤ ᠡᠩᠨᠡᠬᠡᠨ ᠤ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠥᠪᠥᠷ ᠮᠣᠩᠭᠤᠯ ᠤᠨ ᠮᠥᠰᠥ ᠴᠠᠰᠤᠨ ᠤ ᠬᠥᠳᠡᠯᠭᠡᠭᠡᠨ ᠤ ᠴᠢᠳᠠᠪᠤᠷᠢᠲᠠᠨ ᠤ ᠰᠠᠭᠤᠷᠢ ᠶᠢ ᠪᠠᠲᠤᠳᠬᠠᠵᠤ᠂ ᠪᠦᠬᠦ ᠣᠷᠣᠨ ᠤ ᠮᠥᠰᠥ ᠴᠠᠰᠤᠨ ᠤ ᠲᠠᠮᠢᠷ ᠤᠨ ᠬᠦᠲᠡᠯᠬᠡᠬᠡᠨ ᠤ ᠲᠤᠰᠬᠠᠶ ᠮᠡᠷᠭᠡᠵᠢᠯ ᠤᠨ ᠡᠩᠨᠡᠭᠡᠨ ᠤ 《ᠡᠰ ᠪᠦᠲᠦᠭᠡᠬᠦ》 ᠪᠠ 《ᠴᠢᠰᠤ ᠶᠡᠭᠦᠯᠡᠬᠦ》 ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠥᠷᠨᠢᠩᠭᠦᠶ ᠥᠷᠨᠢᠬᠦ ᠶᠢ ᠳᠠᠶᠢᠴᠢᠯᠠᠪᠠ᠃

ᠫᠠᠶᠢᠰᠠ ᠰᠡᠬᠦᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠵᠢᠶᠠᠩ ᠬᠤᠩ ᠰᠤᠷᠭᠠᠭᠤᠯᠢ ᠶᠢᠨ ᠬᠦᠷᠢᠶᠡᠨ ᠳᠤ ᠬᠦᠷᠴᠦ ᠰᠤᠷᠤᠭᠴᠢᠳ ᠵᠢᠴᠢ ᠪᠠᠭᠰᠢ ᠠᠵᠢᠯᠲᠠᠨ ᠲᠠᠢ ᠳᠣᠲᠣᠨᠣ ᠪᠠᠷ ᠠᠭᠤᠯᠵᠠᠵᠤ᠂ ᠪᠠᠭᠰᠢ ᠶᠢᠨ ᠲᠤᠬᠢᠷᠠᠭᠤᠯᠤᠯᠳᠠ ᠵᠢᠴᠢ ᠪᠠᠭᠰᠢ ᠰᠤᠷᠤᠭᠴᠢᠳ ᠤᠨ ᠠᠵᠢᠯ ᠰᠤᠷᠤᠯᠭ᠎ᠠ ᠠᠮᠢᠳᠤᠷᠠᠯ ᠤᠨ ᠪᠠᠶᠢᠳᠠᠯ ᠢ ᠨᠠᠷᠢᠯᠢᠭ ᠠᠰᠠᠭᠤᠨ ᠦᠢᠯᠠᠭᠠᠪᠠ᠃ ᠲᠡᠷᠡ ᠬᠦᠰᠡᠭᠰᠡᠨ ᠨᠢ᠂ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠰᠤᠷᠭᠠᠭᠤᠯᠢ ᠡᠬᠦᠨ ᠢᠶᠠᠷ ᠰᠢᠨ᠎ᠡ ᠭᠠᠷᠤᠭ᠎ᠠ ᠪᠣᠯᠭᠠᠵᠤ᠂ ᠪᠠᠭᠰᠢ ᠶᠢᠨ ᠬᠦᠴᠦᠨ ᠢ ᠤᠯᠠᠮ ᠨᠢᠭᠡ ᠠᠯᠬᠤᠮ ᠵᠦᠶ ᠵᠣᠬᠢᠰᠲᠠᠶ ᠲᠤᠬᠢᠷᠠᠭᠤᠯᠵᠤ᠂ ᠪᠠᠭᠰᠢ ᠶᠢᠨ ᠡᠩᠨᠡᠭᠡ ᠶᠢ ᠰᠢᠯᠢᠳᠡᠭᠵᠢᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠪᠠ ᠰᠤᠷᠭᠠᠭᠤᠯᠢ ᠡᠷᠬᠢᠯᠡᠬᠦ ᠬᠢᠷᠢ ᠲᠦᠪᠰᠢᠨ ᠢᠶᠠᠨ ᠶᠡᠬᠡᠪᠡᠷ ᠳᠡᠭᠡᠭᠰᠢᠯᠡᠭᠦᠯᠵᠦ᠂ ᠪᠣᠯᠪᠠᠰᠤᠷᠠᠯ ᠤᠨ ᠦᠷ᠎ᠡ ᠪᠦᠲᠦᠮᠵᠢ ᠪᠠᠨ ᠴᠢᠩᠭᠠᠷᠠᠭᠤᠯᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠰᠢᠯᠢᠳᠡᠭ ᠴᠢᠳᠠᠪᠤᠷᠢᠲᠠᠨ ᠢ ᠨᠡᠩ ᠤᠯᠠᠨ ᠬᠥᠮᠦᠵᠢᠭᠦᠯᠦᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠴᠡᠴᠡᠭᠯᠡᠨ ᠬᠥᠭᠵᠢᠬᠦ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠬᠦᠯᠰᠤᠭᠡᠢ ᠬᠡᠵᠠᠢ᠃( ᠪᠦᠬᠡᠦ᠋ᠨᠳᠣᠰᠣ)


ᠢᠷᠡᠯᠳᠡ : 

 ᠬᠦᠯᠦᠨ ᠪᠤᠢ᠌ᠢᠷ ᠤᠨ ᠷᠠᠳᠢᠤ᠋ ᠬᠤᠷᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ