ᠤᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠡᠶᠢᠭᠡᠮ ᠳᠡᠭᠡᠷᠡᠬᠢ ᠣᠳᠣᠨ ᠲᠠᠰ ᠤᠨ ᠪᠡᠶ᠎ᠡ ᠶᠢᠨ ᠲᠠᠮᠢᠷ ᠤᠨ ᠵᠢᠯᠣᠭᠤᠳᠣᠭᠴᠢ ᠶᠢ ᠵᠣᠬᠢᠶᠠᠨ ᠪᠠᠶᠢᠭᠤᠯᠵᠤ᠂ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠲᠤ ᠬᠦᠷᠴᠦ《ᠦᠨᠳᠦᠰᠦᠨ ᠱᠠᠲᠤᠨ ᠳᠤ ᠡᠷᠡᠭᠦᠯ ᠮᠡᠨᠳᠦ ᠬᠦᠷᠭᠡᠬᠦ》 ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠦᠬᠦ ᠠᠷᠠᠳ ᠤᠨ ᠡᠷᠡᠭᠦᠯ ᠮᠡᠨᠳᠦ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠪᠠ ᠴᠢᠳᠠᠪᠤᠷᠢᠲᠠᠨ ᠤ ᠠᠭᠤᠰᠤᠯᠴᠠᠯ ᠢ ᠠᠬᠢᠭᠤᠯᠬᠤ᠂ ᠦᠨᠳᠦᠰᠦᠨ ᠱᠠᠲᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠵᠤᠷᠢᠵᠠᠢ᠃

ᠠᠵᠢᠯᠯᠠᠭᠠᠨ ᠤ ᠶᠠᠪᠤᠴᠠ ᠳᠤ ᠮᠠᠨ ᠤ ᠤᠷᠤᠨ ᠤ ᠣᠳᠣᠨ ᠲᠠᠰ ᠤᠨ ᠪᠡᠶ᠎ᠡ ᠶᠢᠨ ᠲᠠᠮᠢᠷ ᠤᠨ ᠵᠢᠯᠣᠭᠤᠳᠣᠭᠴᠢ ᠨᠠᠷ ᠲᠤᠰᠬᠠᠶ ᠮᠡᠷᠭᠡᠵᠢᠯ ᠤᠨ ᠵᠢᠯᠣᠭᠤᠳᠤᠯᠭ᠎ᠠ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠬᠢᠭᠰᠡᠨ ᠪᠥᠭᠡᠳ ᠦᠵᠡᠭᠦᠯᠭᠡ ᠬᠢᠪᠡ᠃ ᠪᠣᠯᠪᠠᠰᠤᠷᠠᠯ ᠳᠤ ᠣᠷᠣᠯᠴᠠᠭᠰᠠᠳ ᠨᠠᠷᠢᠨ ᠬᠢᠨᠠᠮᠠᠭᠠᠶ ᠪᠣᠯᠪᠠᠰᠤᠷᠠᠵᠤ᠂ ᠳᠠᠬᠢᠨ ᠳᠠᠪᠲᠠᠨ ᠰᠠᠨᠠᠯ ᠢᠶᠠᠨ ᠰᠤᠯᠢᠯᠴᠠᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠠᠰᠢᠭ ᠬᠦᠷᠲᠡᠭᠴᠢ ᠪᠣᠯᠤᠭᠰᠠᠨ ᠤ ᠬᠤᠪᠢ ᠳᠤ ᠡᠨᠡ ᠬᠦ ᠰᠤᠷᠤᠯᠴᠠᠬᠤ ᠲᠣᠬᠢᠶᠠᠯ ᠢᠶᠠᠨ ᠨᠠᠨᠳᠢᠩᠨᠠᠵᠤ ᠪᠠᠶᠢᠯ᠎ᠠ᠃ ᠨᠡᠶᠢᠭᠡᠮ ᠳᠡᠭᠡᠷᠡᠬᠢ ᠪᠡᠶ᠎ᠡ ᠶᠢᠨ ᠲᠠᠮᠢᠷ ᠤᠨ ᠵᠢᠯᠣᠭᠤᠳᠣᠭᠴᠢ ᠪᠣᠯ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠬᠠᠭᠤᠯᠤᠭᠴᠢ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠢᠯᠣᠭᠤᠳᠤᠬᠴᠢ᠂ ᠣᠯᠠᠨ ᠲᠦᠮᠡᠨ ᠤ ᠠᠵᠢᠯᠯᠠᠭᠠᠨ ᠤ ᠵᠣᠬᠢᠶᠠᠨ ᠪᠠᠶᠢᠭᠤᠯᠤᠭᠴᠢ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠤᠨ ᠳᠠᠭᠠᠭᠤᠯᠤᠭᠴᠢ ᠮᠥᠨ᠃ ᠢᠯᠠᠩᠭᠤᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠪᠦᠬᠦ ᠣᠷᠣᠨ ᠤ ᠨᠡᠶᠢᠭᠡᠮ ᠳᠡᠭᠡᠷᠡᠬᠢ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠵᠢᠯᠣᠭᠤᠳᠣᠭᠴᠢ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠦᠢᠯᠡᠳᠦᠯᠭᠡᠵᠢᠭᠦᠯᠵᠦ᠂ ᠣᠯᠠᠨ ᠬᠡᠯᠪᠡᠷᠢ ᠮᠠᠶ᠋ᠢᠭ ᠪᠦᠬᠦᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠥᠯᠵᠢᠶᠠᠨ ᠳᠡᠭᠡᠷᠡᠬᠢ ᠤᠷᠤᠯᠳᠤᠭᠠᠨ ᠤ ᠠᠵᠢᠯᠯᠠᠭ᠎ᠠ ᠪᠣᠯᠤᠨ ᠭᠡᠷ ᠪᠦᠯᠢ ᠶᠢᠨ ᠪᠡᠶ᠎ᠡ ᠴᠢᠭᠢᠷᠠᠭᠵᠢᠭᠤᠯᠬᠤ ᠵᠢᠯᠣᠭᠤᠳᠤᠮᠵᠢ ᠶᠢ ᠥᠷᠭᠡᠨ ᠳᠡᠯᠭᠡᠷ ᠥᠷᠨᠢᠭᠦᠯᠵᠡᠶ᠃

ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠡᠶᠢᠭᠡᠮ ᠳᠡᠭᠡᠷᠡᠬᠢ ᠪᠡᠶ᠎ᠡ ᠶᠢᠨ ᠲᠠᠮᠢᠷ ᠤᠨ ᠵᠢᠯᠣᠭᠤᠳᠤᠭᠴᠢ ᠶᠢᠨ ᠡᠩᠨᠡᠭᠡᠨ ᠤ ᠪᠠᠶᠢᠭᠤᠯᠤᠯᠲᠠ ᠶᠢ ᠢᠮᠠᠭᠲᠠ ᠳᠡᠭᠡᠳᠤ ᠬᠡᠮᠵᠢᠶ᠎ᠡ ᠪᠠᠷ ᠴᠢᠬᠤᠯᠠᠴᠢᠯᠠᠬᠰᠠᠨ ᠢᠶᠠᠷ᠂ ᠪᠥᠬᠦ ᠣᠷᠣᠨ ᠳᠤ ᠪᠡᠶ᠎ᠡ ᠶᠢᠨ ᠲᠠᠮᠢᠷ ᠤᠨ ᠵᠢᠯᠣᠭᠤᠳᠣᠭᠴᠢ 5.3 ᠲᠦᠮᠡᠨ ᠬᠥᠮᠦᠨ ᠪᠤᠯᠵᠥ᠂ ᠮᠢᠩᠭᠠᠨ ᠬᠥᠮᠦᠨ ᠪᠦᠷᠢ ᠳᠤ ᠪᠡᠶ᠎ᠡ ᠶᠢᠨ ᠲᠠᠮᠢᠷ ᠤᠨ ᠵᠢᠯᠣᠭᠤᠳᠣᠭᠴᠢ 2.1 ᠬᠥᠮᠦᠨ ᠨᠤᠬᠳᠠᠵᠥ ᠪᠤᠢ᠃ ᠤᠳᠤᠬᠠᠨ ᠳᠤ《ᠨᠡᠶᠢᠭᠡᠮ ᠲᠣᠭᠤᠷᠢᠭ ᠨᠢᠭᠡᠪᠦᠷᠢ᠂ ᠭᠠᠴᠠᠭ᠎ᠠ ᠲᠣᠰᠬᠤᠨ ᠨᠢᠭᠡᠪᠦᠷᠢ ᠳᠤ 1 ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠣᠭᠴᠢ ᠲᠣᠬᠢᠷᠠᠭᠤᠯᠬᠤ》 ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ ᠪᠡᠶ᠎ᠡ ᠶᠢᠨ ᠲᠠᠮᠢᠷ ᠤᠨ ᠵᠢᠯᠣᠭᠤᠳᠣᠭᠴᠢ ᠶᠢᠨ ᠢᠳᠡᠪᠬᠢᠲᠡᠢ ᠳᠠᠶᠢᠴᠢᠯᠠᠯᠲᠠ ᠳᠣᠣᠷ᠎ᠠ᠂ ᠮᠠᠨ ᠤ ᠣᠷᠣᠨ ᠪᠥ᠋ᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠬᠥᠮᠦᠨ ᠤ ᠲᠤᠭ᠎ᠠ ᠶᠢ ᠠᠯᠬᠤᠮ ᠠᠯᠬᠤᠮ ᠢᠶᠠᠷ ᠨᠡᠮᠡᠭᠳᠡᠭᠦᠯᠵᠦ᠂ ᠵᠢᠯᠣᠭᠤᠳᠤᠨ ᠦᠢᠯᠡᠴᠢᠯᠡᠬᠦ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠥ ᠪᠤᠢ᠃(ᠪᠤᠤ ᠦᠷᠭᠡᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ