d0b7046c-9270-43fc-a289-5f9ada394da1.jpg

ᠤᠢ᠌ᠢᠷ᠎ᠠ ᠳᠤ᠂ ᠪᠦᠬᠦ ᠠᠶᠢᠮᠠᠭ ᠤᠨ ᠭᠠᠯ ᠤᠨᠳᠠᠷᠠᠭᠠᠬᠤ ᠠᠪᠤᠷᠠᠨ ᠲᠤᠰᠠᠯᠠᠬᠤ ᠡᠩᠨᠡᠭᠡ ᠶᠢᠨ ᠪᠤᠯᠪᠠᠰᠤᠷᠠᠯ ᠤᠨ ᠦᠷ᠎ᠡ ᠪᠦᠲᠦᠮᠵᠢ ᠶᠢ ᠰᠢᠯᠭᠠᠬᠤ ᠶᠢᠨ ᠲᠦᠯᠦᠭᠡ᠂ ᠰᠢᠯᠢ ᠶᠢᠨ ᠭᠤᠤᠯ ᠠᠶᠢᠮᠠᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠬᠤᠶᠠᠳᠤᠭᠠᠷ ᠬᠤᠭᠤᠴᠠᠭᠠᠨ ᠤ ᠬᠦᠬᠡ ᠲᠦᠯᠦ ᠬᠤᠨᠳᠠᠭᠠᠲᠤ ᠪᠡᠶ᠎ᠡ ᠶᠢᠨ ᠲᠠᠮᠢᠷ ᠤᠨ ᠮᠥᠷᠦ᠋ᠢᠴᠡᠭᠡᠨ ᠶᠠᠪᠤᠭᠤᠯᠪᠠ᠃ ᠲᠣᠰ ᠤᠳᠠᠭ᠎ᠠ ᠶᠢᠨ ᠤᠷᠤᠯᠳᠤᠭᠠᠨ ᠳᠤ 3000 ᠮᠧᠲᠷ ᠤᠨ ᠬᠤᠯᠠ ᠭᠦᠶᠦᠬᠦ᠂ ᠡᠯᠢᠭᠡᠲᠡᠨ ᠲᠤᠯᠬᠤ᠂ ᠲᠠᠩᠭᠠᠶᠢᠨ ᠬᠡᠪᠲᠡᠵᠦ ᠪᠣᠰᠴᠤ ᠰᠠᠭᠤᠬᠤ᠂ ᠠᠮᠢᠰᠬᠤᠭᠤᠷ ᠮᠠᠰᠢᠨ ᠡᠭᠦᠷᠴᠤ 5000 ᠮᠧᠲᠷ ᠬᠤᠯᠠ ᠭᠦᠶᠦᠬᠦ᠂ 400 ᠮᠧᠲᠷ ᠤᠨ ᠠᠪᠤᠷᠠᠨ ᠲᠤᠰᠠᠯᠠᠯᠳᠠ᠂ ᠳᠡᠭᠡᠰᠦ ᠪᠠᠷ ᠲᠡᠭᠡᠭᠰᠢ ᠠᠪᠠᠷᠢᠬᠤ᠂ ᠳᠠᠩ ᠰᠠᠪᠠᠯᠠᠭᠤᠷ ᠤᠨ ᠮᠦᠷᠦ᠋ᠢᠴᠡᠭᠡᠨ᠂ 100 ᠮᠧᠲᠷ ᠤᠨ ᠰᠠᠭᠠᠳ ᠳᠠᠪᠠᠨ ᠠᠪᠤᠷᠠᠨ ᠲᠤᠰᠠᠯᠠᠬᠤ᠂ ᠭᠠᠯ ᠤᠨᠳᠠᠷᠠᠭᠠᠬᠤ ᠲᠠᠮᠢᠷ᠂ 4 × 100 ᠮᠧᠲᠷ ᠤᠨ ᠪᠣᠣᠭᠢᠶ᠎ᠡ ᠲᠠᠮᠵᠢᠭᠤᠯᠬᠤ ᠵᠡᠷᠭᠡ ᠲᠦᠷᠦᠯ ᠤᠨ ᠮᠦᠷᠦ᠋ᠢᠴᠡᠭᠡᠨ ᠲᠤᠬᠢᠷᠠᠭᠤᠯᠵᠤ᠂ ᠰᠢᠯᠢ ᠶᠢᠨ ᠭᠤᠤᠯ ᠠᠶᠢᠮᠠᠭ ᠤᠨ ᠡᠯ᠎ᠡ ᠬᠤᠰᠢᠭᠤ ᠰᠢᠶᠠᠨ ᠠᠴᠠ ᠬᠦᠷᠦᠯᠴᠡᠨ ᠢᠷᠡᠭᠰᠡᠨ 16 ᠲᠦᠯᠦᠭᠡᠯᠡᠭᠴᠢ ᠶᠢᠨ ᠠᠩᠭᠢ ᠶᠢᠨ 93 ᠲᠠᠮᠢᠷᠴᠢᠨ ᠬᠦᠴᠤ ᠴᠢᠳᠠᠯ ᠢᠶᠠᠨ ᠰᠤᠷᠢᠵᠤ ᠲᠡᠩᠭᠡᠭᠡ ᠮᠡᠳᠡᠨ ᠦᠷᠢᠰᠦᠯᠳᠤᠪᠡ᠃ ᠤᠷᠤᠯᠳᠤᠭᠠᠨ ᠤ ᠲᠠᠯᠠᠪᠠᠢ ᠳᠤ ᠭᠠᠯ ᠤᠨᠳᠠᠷᠠᠭᠠᠭᠴᠢᠳ ᠤᠨ ᠰᠢᠷᠭᠠᠭᠤ ᠲᠡᠮᠡᠴᠡᠬᠦ ᠤᠪᠤᠷ ᠰᠤᠷᠳᠠᠯ᠂ ᠪᠦᠯᠬᠦᠮ ᠨᠡᠶᠢᠳᠡ ᠶᠢᠨ ᠬᠠᠮᠵᠢᠯᠴᠠᠭ᠎ᠠ ᠬᠢᠭᠡᠳ ᠬᠦᠴᠢᠷ ᠤᠨ ᠡᠮᠦᠨ᠎ᠡ ᠬᠦᠴᠦᠯᠡᠨ ᠲᠡᠮᠡᠴᠡᠬᠦ ᠵᠤᠷᠢᠭ ᠰᠠᠨᠠᠭ᠎ᠠ ᠬᠦᠷᠦᠯᠴᠡᠨ ᠢᠷᠡᠭᠰᠡᠨ ᠤᠯᠠᠨ ᠤ ᠰᠡᠳᠬᠢᠯ ᠢ ᠤᠳᠠᠳᠠᠯ᠎ᠠ ᠲᠤᠭᠳᠤᠯᠤᠭᠤᠯᠵᠤ ᠪᠠᠶᠢᠯ᠎ᠠ᠃

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ