9 ᠰᠠᠷ᠎ᠠ ᠶᠢᠨ ᠰᠡᠬᠦᠯᠴᠢ ᠳᠤ᠂ ᠳᠤᠮᠳᠠᠳᠤ ᠤᠯᠤᠰ ᠤᠨ ᠰᠥᠩ ᠴᠢᠩ ᠯᠢᠩ ᠰᠠᠭᠤᠷᠢ ᠮᠥᠩᠭᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠮᠢᠭᠮᠠᠨ ᠰᠢᠳᠠᠷ᠎ᠡ ᠶᠢᠨ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠳᠣᠰ ᠬᠤᠲᠠ ᠶᠢᠨ ᠵᠠᠰᠠᠭ ᠤᠨ ᠣᠷᠳᠣᠨ᠂ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠣᠷᠳᠣᠨ᠂ ᠵᠥᠩ ᠰᠢᠨ ᠠᠵᠤ ᠦᠶ᠋ᠯᠡᠰ ᠤᠨ ᠬᠢᠵᠠᠭᠠᠷᠲᠤ ᠺᠣᠮᠫᠠᠨᠢ ᠵᠡᠷᠭᠡ ᠶᠢᠨ ᠬᠠᠮᠲᠤᠷᠠᠨ ᠡᠷᠭᠢᠯᠡᠭᠰᠡᠨ ᠳᠤᠮᠳᠠᠳᠤ ᠤᠯᠤᠰ ᠤᠨ ᠰᠥᠩ ᠴᠢᠩ ᠯᠢᠩ ᠰᠠᠭᠤᠷᠢ ᠮᠥᠩᠭᠦᠨ ᠤ ᠨᠡᠶᠢᠭᠡᠮᠯᠢᠭ ᠤᠨ ᠪᠡᠶ᠎ᠡ ᠶᠢᠨ ᠲᠠᠮᠢᠷ ᠤᠨ ᠮᠠᠩᠯᠠᠶᠢᠴᠣᠳ ᠤᠨ ᠣᠷᠳᠣᠰ ᠲᠠᠬᠢ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠡᠵᠡᠨ ᠬᠤᠷᠤᠭ᠎ᠠ ᠬᠤᠰᠢᠭᠤᠨ ᠳᠤ ᠶᠠᠪᠤᠭᠳᠠᠪᠠ᠃

ᠳᠣᠰ ᠠᠵᠢᠯᠯᠠᠭ᠎ᠠ ᠨᠢ ᠭᠤᠷᠪᠠᠨ ᠡᠳᠤᠷ ᠶᠠᠪᠣᠬᠳᠠᠵᠣ᠂ ᠪᠡᠶ᠎ᠠ ᠶᠢᠨ ᠲᠠᠮᠢᠷ ᠤᠨ ᠮᠠᠩᠯᠠᠶᠢᠴᠣᠳ ᠡᠵᠡᠨ ᠬᠤᠷᠤᠭ᠎ᠠ ᠬᠤᠰᠢᠭᠤᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ᠂ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ᠂ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠵᠡᠷᠭᠡ 5 ᠰᠤᠷᠭᠠᠭᠤᠯᠢ ᠳᠤ ᠭᠦᠨᠵᠡᠭᠡᠶᠢᠷᠡᠵᠣ᠂ ᠰᠤᠷᠭᠠᠭᠤᠯᠢ ᠶᠢᠨ ᠬᠦᠷᠢᠶᠡᠨ ᠤ ᠪᠥᠲᠥᠭᠡᠨ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠰᠣᠶᠣᠯ᠂ ᠰᠤᠷᠭᠠᠭᠤᠯᠢ ᠶᠢᠨ ᠬᠦᠷᠢᠶᠡᠨ ᠤ ᠠᠮᠣᠷ ᠳᠥᠪᠰᠢᠨ᠂ ᠡᠷᠡᠭᠦᠯ ᠰᠠᠷᠠᠭᠤᠯ ᠰᠠᠶᠢᠨ ᠰᠠᠶᠢᠬᠠᠨ ᠰᠣᠷᠣᠯᠴᠠᠬᠤ ᠣᠷᠴᠢᠨ ᠢ ᠪᠡᠶᠡᠴᠢᠯᠡᠨ ᠣᠶᠢᠯᠠᠭᠠᠬᠤ ᠶᠢᠨ ᠬᠠᠮᠳᠣ᠂ ᠪᠠᠰᠠ ᠰᠤᠷᠭᠠᠭᠤᠯᠢ ᠳᠤ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠥᠲᠥᠨ ᠪᠥᠮᠪᠦᠭᠡ ᠵᠡᠷᠭᠡ ᠪᠡᠶ᠎ᠡ ᠶᠢᠨ ᠲᠠᠮᠢᠷ ᠤᠨ ᠬᠡᠷᠡᠭᠰᠡᠯ ᠪᠡᠯᠡᠭᠯᠡᠵᠦ᠂ ᠵᠢᠭᠠᠨ ᠰᠤᠷᠭᠠᠯᠲᠠ ᠶᠢᠨ ᠬᠤᠷᠰᠢᠯ ᠥᠷᠨᠢᠭᠦᠯᠵᠦ᠂ ᠵᠣᠷᠢᠭᠵᠢᠭᠤᠯᠤᠯ ᠤᠨ ᠦᠯᠢᠭᠡᠷ ᠢ ᠬᠤᠪᠢᠶᠠᠯᠴᠠᠨ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠ ᠬᠠᠶᠢᠷ᠎ᠠ ᠬᠠᠯᠠᠮᠵᠢ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠪᠡ᠃

ᠳᠣᠰ ᠣᠳᠠᠭᠠᠨ ᠤ ᠠᠵᠢᠯᠯᠠᠭ᠎ᠠ ᠰᠤᠷᠭᠠᠭᠤᠯᠢ ᠶᠢᠨ ᠬᠦᠷᠢᠶᠡᠨ ᠳᠤ ᠣᠷᠣᠭᠰᠠᠨ ᠨᠢ ᠰᠤᠷᠤᠭᠴᠢᠳ ᠤᠨ ᠤᠯᠤᠰ ᠣᠷᠣᠨ ᠤ ᠢᠷᠠᠭᠤ ᠠᠯᠳᠠᠷᠲᠤ ᠰᠡᠳᠬᠢᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠰᠤᠷᠤᠭᠴᠢᠳ ᠤᠨ ᠦᠨᠳᠦᠰᠦᠲᠡᠨ ᠤ ᠪᠦᠯᠬᠦᠮᠳᠡᠯ ᠤᠨ ᠬᠠᠷᠢᠭᠤᠴᠠᠯᠭᠠᠲᠤ ᠰᠡᠳᠬᠢᠯᠭᠡ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠤᠡᠬᠠᠬᠰᠠᠨ ᠡᠬᠡ ᠣᠷᠣᠨᠴᠢ ᠦᠵᠡᠯ ᠤᠨ ᠬᠥᠮᠦᠵᠢᠯ ᠪᠣᠯᠣᠬᠰᠠᠨ ᠪᠠᠶᠢᠨ᠎ᠠ᠃

ᠢᠷᠡᠯᠳᠡ : 

ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ