5d14a13f-e68e-441b-ad63-f009e4ac870f.png

11 ᠰᠠᠷ᠎ᠠ ᠵᠢᠨ 16 ᠤ ᠡᠳᠦᠷ᠂᠂ 2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ ᠭᠤᠸᠠᠵᠢᠯ ᠤᠨ ᠲᠠᠮᠢᠷ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠠᠮᠵᠢᠯᠳᠠ ᠲᠠᠢ ᠥᠨᠳᠥᠷᠯᠡᠪᠡ᠃ ᠲᠤᠰ ᠬᠤᠭᠤᠴᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠪᠥᠬᠦ ᠣᠷᠣᠨ ᠤ 23 ᠶᠡᠭᠡ ᠳᠡᠭᠡᠳᠦ ᠰᠤᠷᠭᠠᠭᠤᠯᠢ ᠪᠠ 16 ᠳᠤᠮᠳᠠᠳᠤ ᠰᠤᠷᠭᠠᠭᠤᠯᠢ ᠠᠩᠬᠢ ᠳᠤᠮᠢᠯᠠᠨ ᠣᠷᠣᠯᠴᠠᠭᠤᠯᠵᠤ᠂ ᠨᠡᠶᠢᠳᠡ 547 ᠲᠠᠮᠢᠷᠴᠢᠨ ᠣᠷᠣᠯᠴᠠᠵᠠᠶ᠃

ᠲᠣᠰ ᠬᠤᠭᠤᠴᠠᠭᠠᠨ ᠤ ᠪᠥᠬᠦ ᠣᠷᠣᠨ ᠤ ᠰᠤᠷᠤᠭᠴᠢᠳ ᠤᠨ ᠭᠤᠸᠠᠵᠢᠯ ᠤᠨ ᠲᠠᠮᠢᠷ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠢ ᠵᠢᠩᠬᠢᠨᠢ ᠠᠩᠭᠢ ᠶᠢᠨ ᠲᠠᠰ ᠠᠴᠠ ᠳᠠᠪᠠᠭᠰᠠᠨ ᠳᠤᠭᠤᠶᠢᠯᠠᠩ᠂ ᠵᠢᠩᠬᠢᠨᠢ ᠠᠩᠭᠢ ᠶᠢᠨ ᠰᠤᠷᠭᠠᠭᠤᠯᠢ ᠶᠢᠨ ᠬᠦᠷᠢᠶᠡᠨ ᠤ ᠳᠤᠭᠤᠶᠢᠯᠠᠩ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠳᠤᠭᠤᠶᠢᠯᠠᠩ ᠪᠠ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠵᠡᠷᠭᠡ 4 ᠳᠤᠭᠤᠶᠢᠯᠠᠩ ᠬᠤᠪᠢᠶᠠᠨ ᠤᠷᠤᠯᠳᠤᠪᠠ᠃ 2 ᠡᠳᠦᠷ ᠤᠨ ᠬᠤᠷᠴᠠ ᠰᠢᠷᠦᠭᠦᠨ ᠤᠷᠤᠯᠳᠤᠭᠠᠨ ᠤ ᠳ᠋ᠦᠩ ᠳᠤ᠂ ᠤᠯᠠᠭᠠᠨᠬᠠᠳᠠ ᠶᠢᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠣᠯᠤᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠨᠢ ᠵᠢᠩᠬᠢᠨᠢ ᠠᠩᠭᠢ ᠶᠢᠨ ᠲᠠᠰ ᠠᠴᠠ ᠳᠠᠪᠠᠭᠰᠠᠨ ᠳᠤᠭᠤᠶᠢᠯᠠᠩ ᠳᠤ ᠡᠮᠦᠨ᠎ᠡ ᠭᠤᠷᠪᠠ ᠳᠤ ᠳᠤᠳᠤᠷᠠᠪᠠ︔ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠠᠵᠤ ᠦᠶ᠋ᠯᠡᠳᠪᠦᠷᠢ ᠶᠢᠨ ᠶᠡᠭᠡ ᠰᠤᠷᠭᠠᠭᠤᠯᠢ ᠨᠢ ᠵᠢᠩᠬᠢᠨᠢ ᠠᠩᠭᠢ ᠶᠢᠨ ᠰᠤᠷᠭᠠᠭᠤᠯᠢ ᠶᠢᠨ ᠬᠦᠷᠢᠶᠡᠨ ᠤ ᠳᠤᠭᠤᠶᠢᠯᠠᠩ ᠳᠤ ᠲᠦᠷᠦᠭᠦᠤ ᠭᠤᠷᠪᠠ ᠳᠤ ᠣᠷᠣᠪᠠ︔ ᠲᠦᠩᠯᠢᠶᠣᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠦᠪᠦᠷ ᠮᠤᠩᠭᠤᠯ ᠤᠨ ᠦᠨᠳᠦᠰᠦᠳᠡᠨ ᠤ ᠴᠡᠴᠡᠷᠯᠢᠭ ᠤᠨ ᠪᠠᠭᠰᠢ ᠶᠢᠨ ᠳᠤᠰᠬᠠᠢ ᠮᠡᠷᠬᠡᠵᠢᠯ ᠤᠨ ᠳᠡᠬᠡᠳᠤ ᠰᠤᠷᠭᠠᠭᠤᠯᠢ ᠨᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠳᠤᠭᠤᠶᠢᠯᠠᠩ ᠤᠨ ᠡᠮᠦᠨ᠎ᠡ ᠭᠤᠷᠪᠠ ᠳᠤ ᠣᠷᠣᠪᠠ︔ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠤᠭᠤᠲᠤ ᠶᠢᠨ ᠬᠠᠷᠢᠶᠠᠲᠤ ᠰᠤᠷᠭᠠᠭᠤᠯᠢ᠂ ᠪᠤᠭᠤᠲᠤ ᠬᠤᠲᠠ ᠶᠢᠨ ᠲᠢᠶᠠᠨ ᠵᠢᠶᠠ ᠪᠢᠩ ᠳᠤᠮᠳᠠᠳᠤ ᠰᠤᠷᠭᠠᠭᠤᠯᠢ᠂ ᠣᠷᠳᠣᠰ ᠬᠤᠲᠠ ᠶᠢᠨ ᠳᠠᠯᠠᠳ ᠬᠤᠰᠢᠭᠤᠨ ᠤ ᠳᠣᠯᠣᠳᠤᠭᠠᠷ ᠳᠤᠮᠳᠠᠳᠤ ᠰᠤᠷᠭᠠᠭᠤᠯᠢ ᠨᠢ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠡᠮᠦᠨ᠎ᠡ ᠭᠤᠷᠪᠠ ᠳᠤ ᠣᠷᠣᠪᠠ᠃

089a86f3-9cfc-4b8f-a1e4-0f43cd31510e.png


ᠢᠷᠡᠯᠳᠡ : 

ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ