ᠠᠵᠢᠯ ᠤᠨ ᠶᠠᠭᠠᠷᠠᠤ ᠪᠤᠶᠤ ᠰᠤᠷᠭᠠᠭᠤᠯᠢ ᠳᠤ ᠶᠠᠪᠤᠬᠤ ᠴᠠᠭ ᠪᠠᠴᠢᠮ ᠵᠡᠷᠭᠡ ᠰᠢᠯᠲᠠᠭᠠᠨ ᠠᠴᠠ ᠪᠤᠯᠵᠦ ᠮᠠᠰᠢ ᠤᠯᠠᠨ ᠬᠦᠮᠦᠰ ᠦᠷᠯᠦᠭᠡᠨ ᠤ ᠬᠤᠭᠤᠯᠠ ᠶᠢ ᠤᠮᠳᠤᠭᠠᠢᠢᠯᠠᠳᠠᠭ᠃ ᠲᠡᠳᠡ ᠦᠷᠯᠦᠭᠡᠨ ᠤ ᠬᠤᠭᠤᠯᠠ ᠨᠢ ᠵᠦᠪᠬᠡᠨ ᠭᠤᠷᠪᠠᠨ ᠡᠷᠢᠨ ᠤ ᠬᠤᠭᠤᠯᠠ ᠶᠢᠨ ᠨᠢᠭᠡ ᠲᠡᠳᠦᠢ᠂ ᠲᠤᠲᠠᠭᠤ ᠢᠳᠡᠭᠰᠡᠨ ᠴᠦ ᠬᠠᠮᠢᠶ᠎ᠡ ᠦᠭᠡᠢ ᠭᠡᠵᠦ ᠦᠵᠡᠳᠡᠭ᠂ ᠦᠨᠡᠨ ᠳᠡᠭᠡᠨ ᠪᠡᠶ᠎ᠡ ᠶᠢᠨ ᠡᠯ᠎ᠡ ᠡᠷᠬᠡᠲᠡᠨ ᠨᠢ ᠪᠦᠳᠦᠨ ᠨᠢᠭᠡ ᠰᠦᠨᠢ ᠶᠢᠨ ᠠᠵᠢᠯᠯᠠᠭ᠎ᠠ ᠶᠢ ᠦᠡᠭᠭᠡᠷᠡᠭᠡᠭᠡᠳ ᠰᠢᠮ᠎ᠡ ᠲᠡᠵᠢᠭᠡᠯ ᠨᠦᠬᠦᠪᠦᠷᠢᠯᠡᠬᠦ ᠮᠠᠰᠢ ᠴᠢᠬᠤᠯᠠᠲᠠᠢ ᠪᠠᠶᠢᠳᠠᠭ᠂ ᠲᠡᠶᠢᠮᠦ ᠠᠴᠠ ᠦᠷᠯᠦᠭᠡᠨ ᠤ ᠬᠤᠭᠤᠯᠠ ᠢᠳᠡᠬᠦ ᠦᠭᠡᠢ ᠪᠤᠯ ᠪᠡᠶ᠎ᠡ ᠮᠠᠬᠠᠪᠤᠳ ᠲᠤ ᠮᠠᠰᠢ ᠶᠡᠭᠡ ᠬᠤᠤᠷ ᠬᠦᠨᠦᠭᠡᠯ ᠢ ᠠᠪᠴᠢᠷᠠᠳᠠᠭ᠃ ᠶᠠᠭᠤᠨ ᠤ ᠤᠷᠢᠳ ᠦᠷᠯᠦᠭᠡ ᠶᠢᠨ ᠬᠤᠭᠤᠯᠠ ᠢᠳᠡᠬᠦ ᠦᠭᠡᠢ ᠪᠤᠯ ᠰᠢᠩᠭᠡᠭᠡᠯᠲᠡ ᠶᠢᠨ ᠡᠪᠡᠳᠴᠢᠨ ᠳᠤ ᠠᠮᠠᠷᠬᠠᠨ ᠨᠡᠷᠪᠡᠭᠳᠡᠨ᠎ᠡ᠃ ᠬᠤᠶᠠᠷ ᠲᠤ᠂ ᠲᠠᠷᠢᠬᠢᠨ ᠤ ᠴᠢᠳᠠᠮᠵᠢ ᠶᠢ ᠪᠠᠭᠤᠷᠠᠭᠤᠯᠵᠦ᠂ ᠲᠠᠷᠢᠬᠢᠨ ᠤ ᠪᠤᠶᠢᠵᠢᠯᠲᠠ ᠪᠠ ᠤᠶᠤᠨ ᠴᠢᠳᠠᠯ ᠢ ᠨᠦᠯᠦᠭᠡᠯᠡᠨ᠎ᠠ᠃ ᠭᠤᠷᠪᠠ ᠳᠤ᠂ ᠰᠦᠰᠦᠨ ᠤ ᠴᠢᠯᠠᠭᠤᠵᠢᠯ ᠳᠤ ᠠᠮᠠᠷᠬᠠᠨ ᠨᠡᠷᠪᠡᠭᠳᠡᠨ᠎ᠡ᠃ ᠲᠦᠷᠪᠡ ᠳᠤ᠂ ᠮᠠᠷᠢᠶ᠎ᠡ ᠰᠢᠭᠤᠷᠠᠭᠤᠯᠬᠤ ᠳᠤ ᠬᠦᠴᠢᠷ ᠪᠤᠯᠤᠨ᠎ᠡ᠃ ᠲᠡᠪᠤ ᠳᠤ᠂ ᠦᠷᠯᠦᠭᠡᠨ ᠤ ᠬᠤᠭᠤᠯᠠ ᠢᠳᠡᠬᠦ ᠦᠭᠡᠢ ᠪᠤᠯ ᠬᠦᠮᠦᠨ ᠤ ᠪᠡᠶ᠎ᠡ ᠵᠦᠪᠬᠡᠨ ᠪᠡᠶ᠎ᠡ ᠲᠤᠳᠤᠷ᠎ᠡ ᠬᠠᠳᠠᠭᠠᠯᠠᠬᠳᠠᠵᠦ ᠪᠠᠶᠢᠭ᠎ᠠ ᠰᠢᠬᠢᠷ ᠪᠠ ᠤᠭᠤᠷᠠᠭ ᠢ ᠬᠡᠷᠡᠭᠯᠡᠳᠡᠭ ᠪᠤᠯᠬᠤᠷ᠂ ᠤᠳᠠᠭᠠᠨ ᠬᠤᠨᠤᠭ ᠦᠷᠭᠦᠯᠵᠢᠯᠡᠪᠡᠯ᠂ ᠠᠷᠠᠰᠦ ᠬᠠᠭᠤᠷᠠᠶᠢᠰᠢᠬᠤ᠂ ᠠᠲᠤᠷᠢᠶ᠎ᠡ ᠭᠠᠷᠬᠤ ᠪᠠ ᠴᠢᠰᠤ ᠲᠤᠲᠠᠬᠤ ᠪᠠᠶᠢᠳᠠᠯ ᠢ ᠡᠭᠦᠰᠭᠡᠵᠦ᠂ ᠦᠲᠡᠯᠭᠦ ᠶᠢ ᠲᠦᠷᠭᠡᠳᠭᠡᠨ᠎ᠡ᠃ ᠦᠷᠯᠦᠭᠡ ᠶᠢᠨ ᠬᠤᠭᠤᠯᠠ ᠢᠳᠡᠬᠦ ᠦᠭᠡᠢ ᠪᠤᠯ ᠬᠦᠮᠦᠨ ᠤ ᠪᠡᠶ᠎ᠡ ᠶᠢᠨ ᠠᠮᠢᠳᠤ ᠪᠤᠳᠠᠰ ᠤᠨ ᠴᠠᠭ ᠤᠨ ᠬᠡᠪ ᠤᠨ ᠡᠷᠬᠢᠯᠲᠡ ᠶᠢ ᠰᠠᠮᠠᠭᠤᠷᠠᠭᠤᠯᠵᠦ᠂ ᠪᠡᠶ᠎ᠡ ᠮᠠᠬᠠᠪᠤᠳ ᠤᠨ ᠬᠡᠷᠡᠭᠰᠡᠬᠦ ᠰᠢᠮ᠎ᠡ ᠲᠡᠵᠢᠭᠡᠯ ᠢ ᠴᠠᠭ ᠲᠤᠬᠠᠢ ᠳᠤᠨᠢ ᠨᠦᠬᠦᠪᠦᠷᠢᠯᠡᠵᠦ ᠲᠡᠶᠢᠯᠬᠦ ᠦᠭᠡᠢ ᠪᠤᠯᠵᠦ᠂ ᠹᠢᠽᠢᠤᠯᠤᠬᠢ ᠶᠢᠨ ᠠᠵᠢᠯᠯᠠᠭ᠎ᠠ ᠨᠢ ᠴᠦ ᠳᠠᠭᠠᠯᠳᠤᠨ ᠲᠤᠷᠦ᠋ᠢᠲᠠᠨ ᠪᠠᠭᠤᠷᠠᠭᠠᠳ᠂ ᠬᠦᠮᠦᠰ ᠤᠨ ᠤᠷᠲᠦ ᠨᠠᠰᠤᠯᠠᠬᠤ ᠶᠢ ᠨᠦᠯᠦᠭᠡᠯᠡᠨ᠎ᠡ᠃ ᠡᠶᠢᠮᠦ ᠠᠴᠠ ᠦᠷᠯᠦᠭᠡ ᠶᠢᠨ ᠬᠤᠭᠤᠯᠠ ᠶᠢ ᠤᠮᠳᠤᠭᠠᠢᠢᠯᠠᠵᠦ ᠪᠤᠯᠬᠤ ᠦᠭᠡᠢ ᠶᠤᠮ ᠪᠠᠶᠢᠨ᠎ᠠ᠃


ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ