2008 ᠤᠨ ᠤ 8 ᠰᠠᠷ᠎ᠡ ᠶᠢᠨ 8 ᠤ ᠡᠳᠤᠷ᠂ ᠪᠡᠭᠡᠵᠢᠩ ᠤᠨ ᠤᠯᠢᠮᠫᠢᠺ ᠤᠨ ᠲᠠᠮᠢᠷ ᠤᠨ ᠴᠤᠬᠯᠠᠭᠠᠨ ᠦᠪᠡᠳᠡᠭᠰᠢ ᠶᠡᠭᠡ ᠪᠠᠷ ᠡᠬᠢᠯᠡᠪᠠ᠃ ᠲᠠᠷᠠᠭ᠎ᠠ ᠵᠢᠯ ᠨᠢ᠂ ᠪᠡᠭᠡᠵᠢᠩ ᠤᠨ ᠤᠯᠢᠮᠫᠢᠺ ᠤᠨ ᠲᠠᠮᠢᠷ ᠤᠨ ᠴᠤᠬᠯᠠᠭᠠᠨ ᠤ ᠡᠬᠢᠯᠡᠯᠳᠠ ᠶᠢᠨ ᠡᠳᠤᠷ ᠢ ᠠᠩᠬᠠᠳᠠᠬᠴᠢ ᠪᠦᠬᠦ ᠤᠯᠤᠰ ᠤᠨ ᠴᠢᠨᠠᠷᠳᠠᠢ ᠪᠠᠶ᠎ᠡ ᠶᠢᠨ ᠲᠠᠮᠢᠷ ᠤᠨ ᠪᠠᠶᠠᠷ 《ᠪᠦᠬᠦ ᠠᠷᠠᠳ ᠤᠨ ᠪᠠᠶ᠎ᠡ ᠴᠢᠬᠢᠷᠠᠬᠵᠢᠭᠤᠯᠬᠤ ᠡᠳᠤᠷ》 ᠢᠶᠠᠷ ᠲᠤᠬᠳᠠᠭᠠᠪᠠ᠃ 13 ᠵᠢᠯ ᠤᠨ ᠲᠤᠷᠰᠢ᠂ ᠮᠠᠨ ᠤ ᠤᠯᠤᠰ ᠤᠨ ᠪᠦᠬᠦ ᠠᠷᠠᠳ ᠤᠨ ᠪᠠᠶ᠎ᠡ ᠴᠢᠬᠢᠷᠠᠬᠵᠢᠭᠤᠯᠬᠤ ᠠᠵᠢᠯᠯᠠᠭ᠎ᠠ ᠢᠳᠡ ᠬᠦᠭ ᠲᠠᠢ ᠶᠠᠪᠤᠬᠳᠠᠨ᠂ ᠦᠷᠨᠢᠨ ᠬᠦᠭᠵᠢᠵᠤ᠂ ᠬᠦᠮᠦᠨ ᠪᠦᠬᠦᠨ ᠪᠠᠶ᠎ᠡ ᠴᠢᠬᠢᠷᠠᠬᠵᠢᠭᠤᠯᠬᠤ᠂ ᠡᠳᠤᠷ ᠪᠦᠷᠢ ᠪᠠᠶ᠎ᠡ ᠴᠢᠬᠢᠷᠠᠬᠵᠢᠭᠤᠯᠬᠤ᠂ ᠰᠢᠨᠵᠢᠯᠡᠬᠦ ᠤᠬᠠᠭᠠᠨᠴᠢ ᠪᠠᠷ ᠪᠠᠶ᠎ᠡ ᠴᠢᠬᠢᠷᠠᠬᠵᠢᠭᠤᠯᠬᠤ ᠤᠶᠢᠯᠠᠭᠠᠭᠳᠠᠬᠤᠨ ᠬᠦᠮᠦᠰ ᠤᠨ ᠰᠡᠳᠬᠢᠯ ᠳᠤ ᠬᠦᠨ ᠬᠠᠳᠠᠩᠰᠢᠪᠠ᠃ ᠡᠬᠦᠨ ᠤ ᠵᠡᠷᠭᠡ ᠪᠠᠷ᠂ ᠪᠦᠬᠦ ᠠᠷᠠᠳ ᠤᠨ ᠪᠠᠶ᠎ᠡ ᠴᠢᠬᠢᠷᠠᠬᠵᠢᠭᠤᠯᠬᠤ ᠨᠢ ᠤᠯᠠᠨ ᠲᠦᠮᠡᠨ ᠤ ᠪᠠᠶ᠎ᠡ ᠶᠢᠨ ᠲᠠᠮᠢᠷ ᠪᠠ ᠦᠷᠢᠰᠤᠯᠳᠤᠭᠡᠨ ᠤ ᠪᠠᠶ᠎ᠡ ᠶᠢᠨ ᠲᠠᠮᠢᠷ ᠤᠨ ᠵᠤᠬᠢᠴᠠᠩᠭᠤᠢ ᠬᠦᠭᠵᠢᠯᠳᠠ ᠶᠢ ᠶᠡᠭᠡ ᠪᠠᠷ ᠠᠬᠢᠭᠤᠯᠤᠬᠰᠡᠨ  ᠪᠠᠶᠢᠨ᠎ᠠ᠃ 

ᠪᠡᠭᠡᠵᠢᠩ ᠤᠨ 2008 ᠤᠨ ᠤ ᠤᠯᠢᠮᠫᠢᠺ ᠤᠨ ᠲᠠᠮᠢᠷ ᠤᠨ ᠴᠤᠬᠯᠠᠭᠠᠨ ᠤ ᠬᠦᠭᠵᠢᠶᠠᠨᠳᠤ  ᠪᠠᠶᠢᠳᠠᠯ ᠮᠦ᠋ᠨ ᠬᠦ ᠬᠦᠮᠦᠰ ᠲᠤ ᠳᠤᠳᠤᠬᠠᠨ ᠴᠡᠭᠡᠵᠢᠯᠡᠭᠳᠡᠭᠰᠡᠭᠡᠷ᠂ ᠲᠡᠷᠡ ᠮᠦᠷᠳᠡᠭᠡᠨ ᠪᠡᠭᠡᠵᠢᠩ ᠤᠨ 2022 ᠤᠨ ᠤ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠬᠯᠠᠭᠠᠨ ᠤᠳᠠᠯ ᠦᠭᠡᠢ ᠬᠦᠷᠴᠤ ᠢᠷᠠᠬᠦ ᠭᠡᠵᠤ ᠪᠤᠢ᠃ 13 ᠳᠠᠬᠢ 《ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠡᠳᠤᠷ》᠂ ᠪᠢᠳᠠ ᠡᠷᠡᠬᠦᠯ ᠠᠮᠢᠳᠤᠷᠠᠯ ᠢᠶᠠᠨ ᠬᠠᠮᠳᠤ ᠪᠠᠷ ᠴᠤᠬᠴᠠᠯᠠᠶ᠎ᠡ᠂ ᠤᠯᠢᠮᠫᠢᠺ ᠤᠨ ᠲᠠᠮᠢᠷ ᠤᠨ ᠴᠤᠬᠯᠠᠭᠠᠨ ᠲᠠᠢ ᠬᠠᠮᠳᠤ  ᠪᠠᠶᠢᠯᠴᠠᠶ᠎ᠠ᠃

2010 ᠤᠨ ᠤ 8 ᠰᠠᠷ᠎ᠡ ᠶᠢᠨ 8 ᠤ ᠡᠳᠤᠷ᠂ ᠱᠠᠩᠬᠠᠢ ᠬᠤᠳᠠ 《ᠪᠦᠬᠦ ᠠᠷᠠᠳ ᠢᠶᠠᠷ ᠢᠶᠠᠨ ᠪᠠᠶ᠎ᠡ ᠪᠠᠨ ᠴᠢᠬᠢᠷᠠᠬᠵᠢᠭᠤᠯᠵᠤ ᠲᠡᠯᠡᠭᠡᠢ ᠶᠢᠨ ᠦᠵᠡᠰᠬᠦᠯᠡᠩ ᠤᠨ ᠴᠤᠬᠯᠠᠭᠠᠨ ᠲᠠᠢ ᠬᠠᠮᠳᠤ ᠪᠠᠶᠢᠢᠯᠴᠠᠨᠠᠮ》 ᠭᠤᠤᠯ ᠰᠡᠳᠦᠪᠳᠤ ᠠᠵᠢᠯᠯᠠᠭ᠎ᠠ ᠶᠢᠨ ᠡᠬᠢᠯᠡᠯᠳᠠ ᠶᠢᠨ ᠶᠤᠰᠤᠯᠠᠯ ᠶᠠᠪᠤᠭᠤᠯᠵᠤ᠂ ᠭᠡᠳᠤᠨ ᠮᠢᠩᠭᠠᠨ ᠬᠤᠳᠠ ᠶᠢᠨ ᠠᠷᠠᠳ ᠮᠦᠯᠡᠨ ᠨᠢᠳᠤᠷᠭ᠎ᠠ᠂ ᠬᠤᠨᠭ᠍ᠬᠤ ᠲᠠᠳᠠᠬᠤ᠂ ᠵᠢᠭᠳᠡᠯᠡᠭᠰᠡᠨ ᠪᠦᠵᠢᠭ᠂ ᠪᠠᠶ᠎ᠡ ᠴᠢᠬᠢᠷᠠᠬᠵᠢᠭᠤᠯᠬᠤ ᠲᠠᠮᠢᠷ᠂ ᠨᠠᠷᠠᠬᠦᠢ ᠨᠢᠳᠤᠷᠭ᠎ᠠ᠂ ᠲᠡᠭᠡᠰᠤ ᠦᠰᠦᠷᠬᠦ ᠵᠡᠷᠭᠡ ᠤᠯᠠᠨ ᠵᠤᠶᠢᠯ ᠤᠨ ᠪᠠᠶ᠎ᠡ ᠴᠢᠬᠢᠷᠠᠬᠵᠢᠭᠤᠯᠬᠤ ᠲᠦᠷᠦᠯ ᠵᠦᠢᠯ ᠢ ᠲᠡᠯᠭᠡᠨ ᠦᠵᠡᠬᠦᠯᠦᠭᠰᠡᠨ  ᠪᠠᠶᠢᠨ᠎ᠠ᠃

6629c547-da16-4222-817d-82f341cbbed1.jpg

ᠵᠢᠷᠤᠭ ᠪᠤᠯ 2010 ᠤᠨ ᠤ 8 ᠰᠠᠷ᠎ᠡ ᠶᠢᠨ 8 ᠤ ᠡᠳᠤᠷ᠂ ᠱᠠᠩᠬᠠᠢ ᠬᠤᠳᠠ ᠶᠢᠨ ᠬᠤᠸᠠᠳᠦ᠋ᠩ ᠪᠠᠭᠰᠢ ᠶᠢᠨ ᠶᠡᠭᠡ ᠰᠤᠷᠭᠠᠭᠤᠯᠢ ᠠᠴᠠ ᠢᠷᠡᠭᠰᠡᠨ ᠰᠤᠷᠤᠬᠴᠢᠳ ᠸᠠᠢ ᠲᠠᠨ ᠳᠠᠬᠢ ᠴᠢᠨ ᠱᠦᠢ ᠲᠠᠪᠴᠠᠩ ᠳᠤ ᠪᠡᠶ᠎ᠡ ᠴᠢᠬᠢᠷᠠᠬᠵᠢᠭᠤᠯᠬᠤ ᠲᠠᠮᠢᠷ ᠬᠢᠵᠤ  ᠪᠠᠶᠢᠭ᠎ᠠ ᠨᠢ᠃

ᠰᠢᠨᠬᠤᠸᠠ ᠬᠤᠷᠢᠶᠠᠨ ᠤ ᠰᠤᠷᠪᠤᠯᠵᠢᠯᠠᠬᠴᠢ ᠷᠧᠨ ᠯᠦᠩ ᠰᠡᠬᠦᠳᠡᠷᠯᠡᠪᠡ

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ