053571ac-3783-43ed-9a16-cdb18290f53d.jpg

9 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠣᠲᠣ ᠦᠶ᠎ᠡ ᠶᠢᠨ ᠲᠠᠪᠤᠨ ᠵᠦᠢᠯ ᠤᠨ ᠤᠷᠤᠯᠳᠤᠭᠠᠨ ᠱᠠᠨᠰᠢ ᠮᠤᠵᠢ ᠶᠢᠨ ᠰᠢ ᠠᠨ ᠬᠤᠳᠠ ᠳᠤ ᠶᠠᠪᠤᠭᠳᠠᠪᠠ᠃ ᠲᠤᠰ ᠤᠳᠠᠭᠠᠨ ᠤ ᠤᠷᠤᠯᠳᠤᠭᠠᠨ ᠳᠤ ᠡᠷᠡᠭᠲᠡᠶ ᠶᠢᠨ ᠬᠤᠪᠢ ᠬᠥᠮᠦᠨ ᠤ ᠤᠷᠤᠯᠳᠤᠭᠠᠨ᠂ ᠡᠮᠡᠭᠲᠡᠶ ᠶᠢᠨ ᠬᠤᠪᠢ ᠬᠥᠮᠦᠨ ᠤ ᠤᠷᠤᠯᠳᠤᠭᠠᠨ ᠭᠡᠬᠦ ᠬᠤᠶᠠᠷ ᠵᠦᠢᠯ ᠤᠨ ᠤᠷᠤᠯᠳᠤᠭᠠᠨ ᠲᠣᠬᠢᠷᠠᠭᠤᠯᠵᠤ᠂ ᠪᠦᠬᠦ ᠤᠯᠤᠰ ᠤᠨ ᠡᠯ᠎ᠡ ᠮᠤᠵᠢ ᠣᠷᠣᠨ ᠬᠤᠲᠠ ᠶᠢᠨ 17 ᠲᠥᠯᠥᠭᠡᠯᠡᠭᠴᠢᠳ ᠤᠨ ᠠᠩᠭᠢ᠂ 72 ᠲᠠᠮᠢᠷᠴᠢᠨ ᠤᠷᠤᠯᠳᠤᠭᠠᠨ ᠳᠤ ᠣᠷᠣᠯᠴᠠᠵᠠᠶ᠃ ᠥᠪᠥᠷ ᠮᠣᠩᠭᠤᠯ ᠤᠨ ᠠᠩᠭᠢ 7 ᠲᠠᠮᠢᠷᠴᠢᠨ ᠲᠣᠮᠢᠯᠠᠨ ᠤᠷᠤᠯᠳᠤᠭᠠᠨ ᠳᠤ ᠤᠷᠤᠯᠴᠠᠭᠤᠯᠵᠦ᠂  ᠮᠠᠨ ᠤ ᠤᠷᠤᠨ ᠤ ᠲᠠᠮᠢᠷᠴᠢᠨ ᠦ᠋ ᠪᠥᠸᠧ ᠴᠧᠨ ᠡᠷᠡᠭᠲᠡᠶ ᠶᠢᠨ ᠬᠤᠪᠢ ᠬᠥᠮᠦᠨ ᠤ ᠤᠷᠤᠯᠳᠤᠭᠠᠨ ᠳᠤ ᠲᠠᠪᠤᠳᠤᠭᠠᠷ ᠲᠤ ᠲᠤᠳᠤᠷᠠᠪᠠ᠃ ᠡᠨᠡ ᠪᠤᠯ ᠣᠶᠢᠷ᠎ᠠ ᠶᠢᠨ ᠭᠤᠷᠪᠠᠨ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠤ ᠣᠲᠣ ᠦᠶ᠎ᠡ ᠶᠢᠨ ᠲᠠᠪᠤᠨ ᠵᠦᠢᠯ ᠤᠨ ᠤᠷᠤᠯᠳᠤᠭᠠᠨ ᠳᠠᠬᠢ ᠦᠪᠦᠷ ᠮᠤᠩᠭᠤᠯ ᠤᠨ ᠠᠩᠭᠢ ᠶᠢᠨ ᠬᠠᠮᠤᠭ ᠤᠨ ᠰᠠᠶᠢᠨ ᠬᠢᠷᠢ ᠪᠦᠲᠦᠮᠵᠢ ᠪᠤᠯᠤᠨ᠎ᠡ᠃

149fb2c3-38cd-40c7-a3c9-36aa74dc1a27.jpg

ᠣᠳᠣ ᠦᠶ᠎ᠡ ᠶᠢᠨ ᠲᠠᠪᠤᠨ ᠵᠦᠢᠯ ᠤᠨ ᠤᠷᠤᠯᠳᠤᠭᠠᠨ ᠳᠤ ᠤᠮᠪᠠᠭ᠋ᠤ᠂ ᠰᠡᠯᠡᠮ᠎ᠡ ᠶᠢᠨ ᠲᠡᠮᠡᠴᠡᠭᠡᠨ᠂ ᠮᠣᠷᠢᠨ ᠮᠡᠷᠭᠡᠵᠢᠯ᠂ ᠫᠤᠤᠳᠠᠬᠤ ᠪᠠ ᠭᠦᠶᠦᠬᠦ ᠵᠡᠷᠭᠡ ᠲᠠᠪᠤᠨ ᠵᠦᠢᠯ ᠤᠨ ᠪᠡᠶ᠎ᠡ ᠲᠠᠮᠢᠷ ᠪᠠᠭᠲᠠᠵᠤ ᠪᠠᠶᠢᠳᠠᠭ ᠪᠦᠭᠡᠳ ᠪᠡᠶ᠎ᠡ ᠲᠠᠮᠢᠷ ᠤᠨ ᠴᠢᠳᠠᠪᠤᠷᠢ ᠶᠢᠨ ᠪᠦᠬᠦ ᠲᠠᠯ᠎ᠠ ᠶᠢᠨ ᠰᠢᠯᠭᠠᠯᠲᠠ ᠪᠤᠯᠬᠤ ᠶᠤᠮ᠃

7ef5ccac-a013-4808-bfbb-829acf108cac.jpg

ᠤᠷᠤᠯᠳᠤᠭᠠᠨ ᠤ ᠲᠠᠷᠠᠭ᠎ᠠ᠂ ᠦ᠋ ᠪᠥᠸᠧ ᠴᠧᠨ ᠰᠤᠷᠪᠤᠯᠵᠢᠯᠠᠭ᠎ᠠ ᠬᠦᠯᠢᠶᠡᠬᠦ ᠳᠡᠭᠡᠨ᠄ 《ᠥᠨᠥᠳᠦᠷ ᠤᠨ ᠤᠷᠤᠯᠳᠤᠭᠠᠨ ᠤ ᠲᠤᠬᠠᠢ ᠶᠡᠷᠦᠩᠬᠡᠢ ᠳᠤᠨᠢ ᠠᠪᠴᠤ ᠬᠡᠯᠡᠪᠡᠯ ᠨᠡᠯᠢᠶᠡᠳ ᠬᠠᠨᠤᠮᠵᠢᠲᠠᠢ ᠪᠠᠶᠢᠨ᠎ᠠ᠂ ᠥᠪᠡᠷ ᠤᠨ ᠬᠡᠪ ᠤᠨ ᠲᠦᠪᠰᠢᠨ ᠢᠶᠠᠨ ᠪᠠᠳᠠᠷᠠᠭᠤᠯᠤᠯ᠎ᠠ᠂ ᠤᠯᠠᠨ ᠵᠢᠯ ᠤᠨ ᠪᠠᠷᠢᠮᠲᠠᠯᠠᠯ ᠪᠠ ᠴᠢᠷᠮᠠᠶᠢᠯᠭ᠎ᠠ ᠨᠠᠮᠠᠶᠢ ᠰᠢᠨ᠎ᠡ ᠲᠠᠪᠰᠢᠯᠳᠠ ᠲᠠᠢ ᠪᠣᠯᠭᠠᠵᠠᠢ᠂ ᠬᠤᠶᠢᠰᠢᠳᠠ ᠪᠢ ᠨᠡᠩ ᠢᠯᠡᠭᠦᠦ ᠴᠢᠷᠮᠠᠶᠢᠵᠤ᠂ ᠥᠪᠥᠷ ᠮᠣᠩᠭᠤᠯ ᠤᠨ ᠠᠩᠬᠢ ᠳᠤ ᠦᠩᠭᠡ ᠭᠡᠷᠡᠯ ᠨᠡᠮᠡᠷᠢᠯᠡᠨ᠎ᠡ》 ᠭᠡᠵᠦ ᠪᠠᠶᠢᠯ᠎ᠠ᠃

74132173-0339-4e33-84d4-75ca5adc0ed4.jpg


ᠢᠷᠡᠯᠳᠡ : 

 ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ