ᠤᠰᠤᠨ ᠳᠤ ᠤᠮᠪᠠᠭ᠋ᠤ ᠨᠢ ᠮᠠᠰᠢ ᠰᠠᠶᠢᠨ ᠨᠢᠬᠡᠨ ᠵᠦᠢᠯ ᠤᠨ ᠪᠡᠶ᠎ᠡ ᠪᠤᠯᠪᠠᠰᠤᠷᠠᠭᠤᠯᠬᠤ ᠲᠠᠮᠢᠷ ᠤᠨ ᠬᠦᠳᠡᠯᠬᠡᠬᠡᠨ ᠪᠤᠯᠤᠨ᠎ᠠ᠃ ᠲᠡᠭᠡᠪᠡᠯ ᠨᠠᠮᠤᠷ ᠤᠨ ᠤᠯᠠᠷᠢᠯ ᠳᠤ ᠤᠰᠤᠨ ᠳᠤ ᠤᠮᠪᠠᠭ᠋ᠤ ᠳᠠᠭᠠᠨ ᠳᠤᠤᠷᠠᠬᠢ ᠵᠦᠢᠯ ᠢ ᠠᠩᠬᠠᠷᠴᠤ ᠪᠠᠶᠢᠭᠠᠷᠠᠢ︕ ᠤᠰᠤᠨ ᠳᠤ ᠤᠷᠤᠬᠤ ᠠᠴᠠ ᠡᠮᠦᠨ᠎ᠡ ᠰᠦᠷᠴᠢᠬᠦᠷ ᠤᠬᠢᠶᠠᠯᠭ᠎ᠠ ᠶᠢᠨ ᠳᠤᠤᠷ᠎ᠠ ᠪᠡᠶ᠎ᠡ ᠪᠠᠨ ᠨᠤᠷᠠᠭᠠᠵᠤ᠂ ᠨᠡᠯᠢᠶᠡᠳ ᠬᠦᠢᠳᠡᠨ ᠤᠰᠤᠨ ᠳᠤ ᠪᠡᠶ᠎ᠡ ᠪᠠᠨ ᠳᠠᠰᠬᠠᠬᠤ ᠬᠡᠷᠡᠭᠳᠡᠢ︔ ᠪᠡᠯᠡᠳᠬᠡᠯ ᠪᠤᠯᠪᠠᠰᠤᠷᠠᠯ ᠢᠶᠠᠨ ᠡᠷᠬᠡᠪᠰᠢ ᠬᠦᠢᠴᠡᠳ ᠬᠢᠬᠦ ᠴᠢᠬᠤᠯᠠᠳᠠᠢ︔ ᠳᠠᠬᠰᠢᠭᠤᠷ ᠬᠦᠷᠦᠭᠰᠡᠨ᠂ ᠬᠡᠳᠦᠷᠬᠡᠢ ᠶᠠᠳᠠᠷᠠᠬᠰᠠᠨ᠂ ᠪᠡᠶ᠎ᠡ ᠳᠤ ᠡᠪ ᠦᠭᠡᠢ ᠪᠠᠶᠢᠳᠠᠯ ᠢᠯᠡᠷᠡᠬᠦ᠂ ᠬᠤᠭᠤᠯᠠ ᠢᠳᠡᠭᠡᠳ ᠤᠳᠠᠭ᠎ᠠ ᠦᠭᠡᠢ ᠵᠡᠷᠭᠡ ᠪᠠᠶᠢᠳᠠᠯ ᠳᠤ ᠤᠮᠪᠠᠭ᠋ᠤ ᠠᠴᠠ ᠵᠠᠶᠢᠯᠠᠰᠬᠢᠪᠠᠯ ᠲᠠᠭᠠᠷᠠᠨ᠎ᠠ︔ ᠤᠮᠪᠠᠭ᠋ᠤ ᠴᠠᠭ ᠢᠶᠠᠨ ᠰᠠᠶᠢᠳᠤᠷ ᠳᠤᠬᠢᠷᠠᠭᠤᠯᠵᠤ᠂ 45 -69 ᠮᠢᠨᠦ᠋ᠲ ᠪᠠᠶᠢᠪᠠᠯ ᠬᠠᠮᠤᠭ ᠤᠨ ᠳᠤᠬᠢᠷᠠᠮᠵᠢᠳᠠᠢ︔ ᠤᠮᠪᠠᠵᠦ ᠪᠠᠷᠠᠩᠭᠤᠳᠠ ᠪᠠᠨ ᠬᠤᠭᠤᠯᠠ ᠢᠳᠡᠬᠦ ᠦᠭᠡᠢ ᠪᠤᠯ ᠵᠤᠬᠢᠨ᠎ᠠ᠃ 

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ