ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠰᠦᠯᠵᠢᠶ᠎ᠡ 《ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠬᠥᠨᠳᠡᠯᠡᠨ ᠡᠴᠡ ᠲᠠᠰᠤᠯᠬᠤ ᠺᠣᠮᠢᠰ ᠤᠨ ᠵᠣᠬᠢᠶᠠᠨ ᠪᠠᠶᠢᠭᠤᠯᠬᠤ ᠲᠦᠷᠢᠮ( ᠰᠠᠨᠠᠯ ᠬᠤᠷᠢᠶᠠᠬᠤ ᠨᠣᠸᠷᠠᠭ )》 ᠪᠠ 《ᠪᠡᠶ᠎ᠡ ᠶᠢᠨ ᠲᠠᠮᠢᠷ ᠤᠨ ᠬᠥᠨᠳᠡᠯᠡᠨ ᠡᠴᠡ ᠲᠠᠰᠤᠯᠬᠤ ᠲᠦᠷᠢᠮ( ᠰᠠᠨᠠᠯ ᠬᠤᠷᠢᠶᠠᠬᠤ ᠨᠣᠸᠷᠠᠭ )》 ᠤᠨ ᠰᠠᠨᠠᠯ ᠢ ᠬᠤᠷᠢᠶᠠᠬᠤ ᠲᠤᠬᠠᠶ ᠮᠡᠳᠡᠭᠳᠡᠯ ᠨᠡᠶᠢᠲᠡᠯᠡᠪᠡ ᠃

《ᠪᠡᠶ᠎ᠡ ᠶᠢᠨ ᠲᠠᠮᠢᠷ ᠤᠨ ᠬᠥᠨᠳᠡᠯᠡᠨ ᠡᠴᠡ ᠲᠠᠰᠤᠯᠬᠤ ᠲᠦᠷᠢᠮ( ᠰᠠᠨᠠᠯ ᠬᠤᠷᠢᠶᠠᠬᠤ ᠨᠣᠸᠷᠠᠭ )》 ᠳ᠋ᠤ ᠂ ᠪᠡᠶ᠎ᠡ ᠶᠢᠨ ᠲᠠᠮᠢᠷ ᠤᠨ ᠬᠥᠨᠳᠡᠯᠡᠨ ᠡᠴᠡ ᠲᠠᠰᠤᠯᠬᠤ ᠺᠣᠮᠢᠰ ᠳᠣᠸᠷ᠎ᠠ ᠵᠢᠭᠰᠠᠭᠠᠭᠰᠠᠨ ᠬᠡᠷᠡᠭ ᠢ ᠭᠥᠯᠢᠶᠡᠨ ᠠᠪᠴᠤ ᠰᠢᠶᠳᠪᠦᠷᠢᠯᠡᠨ᠎ᠡ ᠄ ᠪᠡᠶ᠎ᠡ ᠶᠢᠨ ᠲᠠᠮᠢᠷ ᠤᠨ ᠨᠡᠶᠢᠭᠡᠮ ᠦᠨ ᠵᠣᠬᠢᠶᠠᠨ ᠪᠠᠶᠢᠭᠤᠯᠤᠯᠲᠠ ᠂ ᠲᠠᠮᠢᠷᠴᠢᠳ ᠤᠨ ᠬᠠᠮᠢᠶᠠᠷᠤᠯᠲᠠ ᠶᠢᠨ ᠨᠢᠭᠡᠴᠢ ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠭᠴᠢ ᠶᠢᠨ ᠬᠥᠭᠡᠷᠦᠭᠦᠯᠬᠦ ᠡᠮ ᠦᠨ ᠬᠠᠮᠢᠶᠠᠷᠤᠯᠲᠠ ᠪᠤᠶᠤ ᠪᠤᠰᠤᠳ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠭᠠᠷᠭᠠᠭᠰᠠᠨ ᠤᠷᠤᠯᠳᠤᠭᠠᠨ ᠳᠤ ᠣᠷᠣᠯᠴᠠᠬᠤ ᠬᠢᠷᠢ ᠬᠡᠮ ᠢ ᠬᠦᠴᠦᠨ ᠥᠬᠡᠶ ᠪᠣᠯᠭᠠᠬᠤ ᠂ ᠤᠷᠤᠯᠳᠤᠭᠠᠨ ᠤ ᠬᠢᠷᠢ ᠪᠦᠲᠦᠮᠵᠢ ᠶᠢ ᠬᠦᠴᠦᠨ ᠥᠬᠡᠶ ᠪᠣᠯᠭᠠᠬᠤ ᠂ ᠤᠷᠤᠯᠳᠤᠭᠠᠨ ᠢ ᠴᠠᠭᠠᠵᠠᠯᠠᠬᠤ ᠵᠡᠷᠭᠡ ᠰᠢᠶᠳᠪᠦᠷᠢᠯᠡᠬᠦ ᠲᠣᠭᠲᠠᠭᠠᠯ ᠢ ᠵᠥᠪᠰᠢᠶᠡᠷᠡᠬᠦ ᠥᠬᠡᠶ ᠡᠴᠡ ᠪᠣᠯᠵᠣ ᠡᠭᠦᠰᠦᠭᠰᠡᠨ ᠵᠢᠭᠤᠷᠠᠯᠳᠤᠭᠠᠨ︔ ᠲᠠᠮᠢᠷᠴᠢᠨ ᠤ ᠳᠠᠩᠰᠠᠯᠠᠭᠤᠯᠬᠤ᠂ ᠰᠣᠯᠢᠯᠴᠠᠬᠤ ᠠᠴᠠ ᠪᠣᠯᠤᠭᠰᠠᠨ ᠵᠠᠭᠤᠷᠠᠯᠳᠤᠭᠠᠨ︔ ᠤᠷᠤᠯᠳᠤᠭᠠᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠳᠤᠮᠳᠠ ᠭᠠᠷᠤᠭᠰᠠᠨ ᠪᠤᠰᠤᠳ ᠵᠢᠭᠤᠷᠠᠯᠳᠤᠭᠠᠨ᠃ 

《ᠪᠡᠶ᠎ᠡ ᠶᠢᠨ ᠲᠠᠮᠢᠷ ᠤᠨ ᠬᠥᠨᠳᠡᠯᠡᠨ ᠡᠴᠡ ᠲᠠᠰᠤᠯᠬᠤ ᠲᠦᠷᠢᠮ( ᠰᠠᠨᠠᠯ ᠬᠤᠷᠢᠶᠠᠬᠤ ᠨᠣᠸᠷᠠᠭ )》 ᠳ᠋ᠤ ᠪᠠᠰᠠ ᠂ ᠪᠡᠶ᠎ᠡ ᠶᠢᠨ ᠲᠠᠮᠢᠷ ᠤᠨ ᠬᠥᠨᠳᠡᠯᠡᠨ ᠡᠴᠡ ᠲᠠᠰᠤᠯᠬᠤ ᠺᠣᠮᠢᠰ ᠤᠨ ᠬᠥᠨᠳᠡᠯᠡᠨ ᠡᠴᠡ ᠲᠠᠰᠤᠯᠤᠭᠴᠢ ᠳᠣᠸᠷ᠎ᠠ ᠵᠢᠭᠰᠠᠭᠠᠭᠰᠠᠨ ᠨᠥᠬᠥᠴᠡᠯ ᠦᠳ ᠦᠨ ᠨᠢᠭᠡ ᠳᠦ ᠨᠡᠶᠢᠴᠡᠭᠰᠡᠨ ᠪᠠᠶᠢᠬᠤ ᠬᠡᠷᠡᠭᠲᠡᠶ ᠄ ᠬᠠᠸᠯᠢᠴᠢ ᠶᠢᠨ ᠠᠵᠢᠯ ᠡᠷᠬᠢᠯᠡᠭᠡᠳ ᠪᠦᠬᠦᠯᠢ ᠨᠠᠶᠮᠠᠨ ᠵᠢᠯ ᠪᠣᠯᠤᠭᠰᠠᠨ︔ ᠬᠠᠤᠯᠢ ᠶᠢᠨ ᠲᠤᠰᠢᠶᠠᠯᠲᠠᠨ ᠤ ᠲᠤᠰᠢᠶᠠᠯ ᠢ ᠪᠦᠬᠦᠯᠢ ᠨᠠᠢᠮᠠᠨ ᠵᠢᠯ ᠬᠠᠷᠢᠭᠤᠴᠠᠵᠤ ᠪᠠᠶᠢᠭᠰᠠᠨ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠦᠨ ᠬᠢᠷᠢ ᠬᠡᠮ ᠦᠨ ᠰᠢᠯᠭᠠᠯᠲᠠ ᠪᠠᠷ ᠳᠠᠮᠵᠢᠭᠠᠳ ᠬᠠᠤᠯᠢ ᠴᠠᠭᠠᠵᠠ ᠶᠢᠨ ᠠᠵᠢᠯ ᠮᠡᠷᠭᠡᠵᠢᠯ ᠦᠨ ᠬᠢᠷᠢ ᠬᠡᠮ ᠣᠯᠵᠤ᠂ ᠬᠥᠨᠳᠡᠯᠡᠨ ᠡᠴᠡ ᠲᠠᠰᠤᠯᠬᠤ ᠠᠵᠢᠯ ᠢ ᠪᠦᠬᠦᠯᠢ ᠨᠠᠢᠮᠠᠨ ᠵᠢᠯ ᠬᠢᠭᠰᠡᠨ ᠬᠠᠤᠯᠢ ᠶᠢᠨ ᠤᠬᠠᠭᠠᠨ᠂ ᠪᠡᠶ᠎ᠡ ᠶᠢᠨ ᠲᠠᠮᠢᠷ ᠤᠨ ᠤᠬᠠᠭᠠᠨ ᠤ ᠰᠤᠳᠤᠯᠤᠯ ᠪᠤᠶᠤ ᠵᠢᠭᠠᠨ ᠰᠤᠷᠭᠠᠬᠤ ᠠᠵᠢᠯ ᠬᠢᠵᠦ ᠪᠠᠶᠢᠬᠤ ᠪᠥᠭᠡᠳ ᠳᠡᠭᠡᠳᠦ ᠵᠡᠷᠭᠡ ᠶᠢᠨ ᠮᠡᠷᠭᠡᠵᠢᠯ ᠦᠨ ᠴᠣᠯᠠ ᠲᠠᠶ; ᠬᠠᠤᠯᠢ ᠴᠠᠭᠠᠵᠠ ᠶᠢᠨ ᠮᠡᠳᠡᠯᠭᠡ ᠲᠡᠶ ᠪᠥᠭᠡᠳ ᠪᠡᠶ᠎ᠡ ᠶᠢᠨ ᠲᠠᠮᠢᠷ ᠤᠨ ᠪᠣᠳᠠᠲᠤ ᠠᠵᠢᠯ ᠬᠢᠭᠡᠳ ᠪᠦᠬᠦᠯᠢ ᠨᠠᠢᠮᠠᠨ ᠵᠢᠯ ᠪᠣᠯᠪᠠ᠃

ᠢᠷᠡᠯᠳᠡ : 

ᠲᠤᠮᠳᠠᠳᠦ ᠤᠯᠤᠰ ᠤᠨ ᠰᠤᠨᠢᠨ ᠮᠡᠳᠡᠭᠡᠨ ᠦ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ