ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠰᠦᠯᠵᠢᠶᠡᠨ ᠦ ᠮᠡᠳᠡᠭᠡ ᠶᠢ ᠦᠨᠳᠦᠰᠦᠯᠡᠪᠡᠯ ᠂ 7 ᠤ ᠡᠳᠦᠷ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ《 ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ( ᠵᠠᠰᠠᠪᠤᠷᠢ ᠤᠷᠤᠭᠤᠯᠵᠦ  ᠰᠠᠨᠠᠯ ᠬᠤᠷᠢᠶᠠᠬᠤ ᠨᠣᠸᠷᠠᠭ ) 》 ᠢ ᠨᠡᠶᠢᠲᠡᠯᠡᠪᠡ ᠃

《 ᠠᠷᠭ᠎ᠠ 》 ᠳ᠋ᠤ ᠳᠤᠷᠠᠳᠤᠭᠰᠠᠨ ᠨᠢ ᠂ ᠲᠣᠰ ᠠᠷᠭ᠎ᠠ ᠳᠤ ᠬᠡᠯᠡᠵᠦ ᠪᠠᠶᠢᠭ᠎ᠠ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠭᠡᠳᠡᠭ ᠨᠢ ᠳᠤᠮᠳᠠᠳᠤ ᠤᠯᠤᠰ ᠤᠨ ᠬᠢᠯᠢ ᠳᠣᠲᠣᠷ᠎ᠠ ᠬᠠᠸᠯᠢ ᠶᠣᠰᠣᠭᠠᠷ ᠡᠷᠭᠢᠯᠡᠭᠰᠡᠨ ᠡᠯ᠎ᠡ ᠱᠠᠲᠤᠨ ᠤ ᠡᠯ᠎ᠡ ᠲᠥᠷᠥᠯ ᠦᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠶᠡᠷᠦᠩᠬᠡᠶ ᠨᠡᠷᠡᠶᠢᠳᠦᠯ ᠢ ᠵᠢᠭᠠᠵᠤ ᠪᠠᠶᠢᠨ᠎ᠠ ᠃ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠬᠢᠭᠡᠳ ᠠᠵᠢᠯ ᠲᠥᠷᠥᠯ ᠦᠨ ᠥᠪᠡᠷ ᠢ ᠪᠡᠨ ᠱᠠᠭᠠᠷᠳᠠᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠨ ᠂ ᠱᠠᠲᠤ ᠬᠤᠪᠢᠶᠠᠨ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ ᠂ ᠬᠡᠷᠡᠭ ᠦᠨ ᠳᠤᠮᠳᠠᠬᠢ ᠪᠠ ᠬᠡᠷᠡᠭ ᠦᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠦᠢᠢᠯᠡᠴᠢᠯᠡᠭᠡ ᠶᠢ ᠰᠢᠯᠢᠳᠡᠭᠵᠢᠭᠦᠯᠦᠨ᠎ᠡ᠃

《 ᠠᠷᠭ᠎ᠠ 》 ᠳᠤ ᠵᠢᠭᠠᠵᠤ ᠭᠠᠷᠭᠠᠭᠰᠠᠨ ᠨᠢ ᠂ ᠲᠥᠪ ᠦᠨ ᠪᠠ ᠲᠥᠷᠥ  ᠶᠢᠨ ᠪᠠᠶᠢᠭᠤᠯᠤᠯᠭ᠎ᠠ ᠵᠢᠴᠢ ᠲᠡᠭᠦᠨ ᠦ ᠠᠵᠢᠯ ᠦᠢᠯᠡᠰ ᠦᠨ ᠨᠢᠭᠡᠴᠡ ᠂ ᠪᠦᠬᠦ ᠤᠯᠤᠰ ᠤᠨ ᠴᠢᠨᠠᠷᠲᠠᠶ ᠨᠡᠶᠢᠭᠡᠮ ᠦᠨ ᠵᠣᠬᠢᠶᠠᠨ ᠪᠠᠶᠢᠭᠤᠯᠤᠯᠲᠠ  ᠠᠴᠠ ᠭᠣᠣᠯᠯᠠᠨ ᠡᠷᠭᠢᠯᠡᠭᠰᠡᠨ ᠪᠤᠶᠤ ᠲᠠᠭᠠᠭᠠᠴᠢᠯᠠᠨ ᠡᠷᠭᠢᠯᠡᠭᠰᠡᠨ ᠣᠯᠠᠨ ᠤᠯᠤᠰ ᠤᠨ ᠴᠢᠨᠠᠷᠲᠠᠶ ᠂ ᠪᠦᠬᠦ ᠤᠯᠤᠰ ᠤᠨ ᠴᠢᠨᠠᠷᠲᠠᠶ ᠪᠡᠶ᠎ᠡ  ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ  ᠶᠢᠨ ᠨᠡᠷᠡᠶᠢᠳᠦᠯ ᠳᠦ 《 ᠳᠡᠯᠡᠬᠡᠶ  ᠶᠢᠨ 》 《 ᠣᠯᠠᠨ ᠤᠯᠤᠰ ᠤᠨ 》 《 ᠠᠽᠢᠶ᠎ᠠ ᠲᠢᠪ ᠦᠨ 》 《 ᠳᠤᠮᠳᠠᠳᠤ ᠤᠯᠤᠰ 》 《 ᠪᠦᠬᠦ ᠤᠯᠤᠰ ᠤᠨ 》 《 ᠤᠯᠤᠰ 》 ᠭᠡᠬᠦ ᠮᠡᠲᠦ  ᠶᠢᠨ ᠦᠭᠡᠰ  ᠢ ᠬᠡᠷᠡᠭᠯᠡᠵᠦ ᠪᠣᠯᠤᠨ᠎ᠠ ᠂ ᠪᠤᠰᠤᠳ ᠪᠡᠶ᠎ᠡ  ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠲᠡᠭᠦᠨ ᠲᠡᠶ ᠠᠳᠠᠯᠢ ᠪᠤᠶᠤ ᠠᠳᠠᠯᠢᠪᠲᠤᠷ ᠨᠡᠷᠡᠶᠢᠳᠦᠯ  ᠢ ᠬᠡᠷᠡᠭᠯᠡᠵᠦ ᠪᠣᠯᠬᠤ ᠦᠭᠡᠶ ᠃

《 ᠠᠷᠭ᠎ᠠ 》 ᠳᠤ ᠴᠢᠬᠤᠯᠠᠴᠢᠯᠠᠭᠰᠠᠨ ᠨᠢ ᠂ ᠲᠠᠮᠢᠷᠴᠢᠳ ᠪᠡᠶ᠎ᠡ  ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠲᠣᠭᠲᠠᠭᠠᠯ  ᠠᠴᠠ ᠵᠥᠷᠢᠴᠡᠨ ᠬᠥᠭᠡᠷᠦᠭᠦᠯᠬᠦ ᠡᠮ ᠬᠡᠷᠡᠭᠯᠡᠭᠰᠡᠨ ᠪᠠᠶᠢᠪᠠᠯ ᠂ ᠬᠣᠯᠪᠣᠭᠳᠠᠯ ᠪᠦᠬᠦᠢ ᠪᠡᠶ᠎ᠡ  ᠶᠢᠨ ᠲᠠᠮᠢᠷ ᠤᠨ ᠨᠡᠶᠢᠭᠡᠮᠯᠢᠭ ᠂ ᠲᠠᠮᠢᠷᠴᠢᠳ ᠤᠨ ᠬᠠᠮᠢᠶᠠᠷᠤᠯᠲᠠ  ᠶᠢᠨ ᠨᠢᠭᠡᠴᠡ ᠂ ᠪᠡᠶ᠎ᠡ  ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ  ᠶᠢᠨ ᠵᠣᠬᠢᠶᠠᠨ ᠪᠠᠶᠢᠭᠤᠯᠤᠭᠴᠢ  ᠠᠴᠠ ᠤᠷᠤᠯᠳᠤᠭᠠᠨ ᠳᠤ ᠣᠷᠣᠯᠴᠠᠬᠤ ᠬᠢᠷᠢ ᠬᠡᠮ  ᠢ ᠨᠢ ᠬᠦᠴᠦᠨ ᠦᠭᠡᠶ ᠪᠣᠯᠭᠠᠬᠤ ᠂ ᠤᠷᠤᠯᠳᠤᠭᠠᠨ ᠤ ᠬᠢᠷᠢ ᠪᠦᠲᠦᠮᠵᠢ  ᠶᠢ ᠨᠢ ᠬᠦᠴᠦᠨ ᠦᠭᠡᠶ ᠪᠣᠯᠭᠠᠬᠤ ᠪᠤᠶᠤ ᠤᠷᠤᠯᠳᠤᠭᠠᠨ ᠳᠤ ᠤᠷᠤᠯᠴᠠᠭᠤᠯᠬᠤ ᠦᠭᠡᠢ᠃ 

ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠦᠳ ᠬᠠᠮᠢᠶ᠎ᠠ ᠪᠥᠬᠥᠶ ᠰᠠᠯᠠᠭ᠎ᠠ ᠮᠥᠴᠢᠷ ᠲᠡᠶ ᠬᠠᠮᠲᠤᠷᠠᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠢᠲᠡᠭᠡᠮᠵᠢ ᠶᠢᠨ ᠲᠦᠷᠢᠮ ᠦᠨ ᠰᠢᠰᠲᠸ᠋ᠮ ᠢ ᠪᠠᠶᠢᠭᠤᠯᠵᠤ ᠂ ᠢᠲᠡᠭᠡᠮᠵᠢ ᠶᠢᠨ ᠠᠮᠠᠯᠠᠯᠲᠠ ᠪᠠᠨ ᠭᠦᠶᠴᠡᠳᠬᠡᠭᠰᠡᠨ ᠪᠠᠶᠢᠳᠠᠯ ᠢ ᠢᠲᠡᠭᠡᠮᠵᠢ ᠶᠢᠨ ᠲᠡᠮᠳᠡᠭᠯᠡᠯ ᠳᠦ ᠣᠷᠣᠭᠤᠯᠤᠨ ᠂ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ ᠂ ᠢᠲᠡᠭᠡᠮᠵᠢ ᠶᠢᠨ ᠬᠢᠵᠠᠭᠠᠷᠯᠠᠯ ᠂ ᠬᠣᠯᠪᠣᠭᠠᠯᠠᠨ  ᠵᠠᠯᠬᠠᠭᠠᠬᠤ ᠶᠢ ᠬᠡᠷᠡᠭᠵᠢᠭᠦᠯᠦᠨ᠎ᠡ᠃

ᠢᠷᠡᠯᠳᠡ : 

 ᠰᠢᠨᠬᠤᠸᠠ ᠬᠤᠷᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ