ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠠᠷᠠᠳ ᠲᠤ ᠳᠣᠲᠣᠨᠣ᠂ ᠠᠷᠠᠳ ᠲᠤ ᠲᠥᠬᠦᠮ᠂ ᠠᠷᠠᠳ ᠲᠤ ᠠᠰᠢᠭᠲᠠᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠰᠲ᠋ᠧᠮ ᠢ ᠲᠦᠷᠭᠡᠳᠬᠡᠨ ᠪᠠᠶᠢᠭᠤᠯᠬᠤ ᠶᠢᠨ ᠲᠤᠰᠠᠳᠠ᠂ 11 ᠰᠠᠷ᠎ᠠ ᠶᠢᠨ 2 ᠤᠨ ᠡᠳᠦᠷ ᠠᠴᠠ 4 ᠤ ᠡᠳᠦᠷ ᠪᠣᠯᠲᠠᠯ᠎ᠠ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ   ᠠᠴᠠ ᠬᠤᠶᠠᠳᠤᠭᠠᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠤᠨ ᠠᠩᠭᠢ ᠡᠷᠭᠢᠯᠡᠪᠡ᠃ ᠪᠥᠬᠦ ᠠᠶᠢᠮᠠᠭ ᠤᠨ ᠪᠡᠶ᠎ᠡ ᠴᠢᠭᠢᠷᠠᠭᠵᠢᠭᠤᠯᠬᠤ ᠲᠠᠮᠢᠷ(ᠪᠥᠵᠢᠭ)᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠵᠡᠷᠭᠡ 2 ᠲᠥᠷᠥᠯ ᠵᠦᠢᠯ ᠤᠨ 40 ᠨᠡᠷᠡᠰ  ᠨᠡᠶᠢᠭᠡᠮ  ᠤᠨ  ᠪᠡᠶ᠎ᠡ  ᠶᠢᠨ  ᠲᠠᠮᠢᠷ ᠤᠨ  ᠵᠢᠭᠠᠨ  ᠵᠢᠯᠣᠭᠤᠳᠤᠭᠴᠢ  ᠪᠣᠯᠪᠠᠰᠤᠷᠠᠯ ᠳᠤ ᠣᠷᠣᠯᠴᠠᠵᠠᠢ᠃     

ᠲᠣᠰ ᠤᠳᠠᠭᠠᠨ ᠤ ᠪᠤᠯᠪᠠᠰᠤᠷᠠᠯ ᠢᠶᠠᠷ ᠳᠡᠮᠵᠢᠨ᠂ ᠪᠤᠯᠪᠠᠰᠤᠷᠠᠯ ᠳᠤ ᠤᠷᠤᠯᠴᠠᠭᠰᠠᠳ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠵᠢᠯᠤᠭᠤᠳᠬᠤ ᠴᠢᠳᠠᠪᠤᠷᠢ ᠪᠠ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠪᠤᠯᠪᠠᠰᠤᠷᠠᠯ ᠳᠤ ᠤᠷᠤᠯᠴᠠᠭᠰᠠᠳ ᠠᠴᠠ ᠬᠤᠶᠢᠰᠢᠳᠠ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢᠨ ᠳᠤᠮᠳᠠᠬᠢ ᠭᠤᠣᠯᠯᠠᠭᠴᠢ ᠦᠢᠯᠡᠳᠦᠯ ᠢ ᠪᠠᠳᠠᠷᠠᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠤᠬᠠᠭᠤᠯᠤᠭᠴᠢ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠤᠭᠴᠢ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠶᠢᠨ ᠠᠵᠢᠯᠯᠠᠭ᠎ᠠ ᠶᠢᠨ ᠵᠣᠬᠢᠶᠠᠨ ᠪᠠᠶᠢᠭᠤᠯᠤᠭᠴᠢ᠂ ᠪᠡᠶ᠎ᠡ ᠴᠢᠭᠢᠷᠠᠭᠵᠢᠭᠤᠯᠬᠤ ᠠᠮᠢᠳᠤᠷᠠᠯ ᠤᠨ ᠠᠷᠭ᠎ᠠ ᠮᠠᠶ᠋ᠢᠭ ᠤᠨ ᠳᠠᠭᠠᠭᠤᠯᠤᠭᠴᠢ ᠪᠣᠯᠵᠤ᠂ ᠠᠷᠠᠳ ᠣᠯᠠᠨ ᠳᠤ ᠨᠠᠩ ᠣᠯᠠᠨ ᠨᠠᠩ  ᠰᠠᠶᠢᠨ  ᠪᠡᠶ᠎ᠡ  ᠶᠢᠨ  ᠲᠠᠮᠢᠷ  ᠤᠨ  ᠣᠯᠠᠨ  ᠨᠡᠶᠢᠲᠡ  ᠶᠢᠨ ᠦᠢᠯᠡᠴᠢᠯᠡᠭᠡ ᠬᠠᠩᠭᠠᠵᠤ᠂ ᠨᠠᠩ ᠣᠯᠠᠨ ᠬᠥᠮᠥᠨ ᠳᠤ ᠨᠡᠶᠢᠭᠡᠮ ᠤᠨ ᠳᠠᠪᠰᠢᠯᠲᠠ ᠪᠠ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠵᠦ᠂ ᠠᠷᠠᠳ ᠣᠯᠠᠨ ᠤ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠥᠷᠨᠢᠩᠭᠦᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠵᠦ ᠪᠠᠶᠢᠪᠠ᠃

ᠢᠷᠡᠯᠳᠡ : 

ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ