ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠳᠤᠮᠳᠠᠳᠤ ᠶᠢᠨ ᠨᠡᠷᠡᠭᠦᠢ ᠨᠢᠳᠦᠷᠭ᠎ᠠ ᠶᠢᠨ ᠰᠣᠶᠣᠯ ᠢ ᠪᠠᠳᠠᠷᠠᠭᠤᠯᠤᠨ ᠵᠠᠯᠭᠠᠮᠵᠢᠯᠠᠵᠤ᠂ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠠᠮᠢᠳᠤᠷᠠᠯ ᠤᠨ ᠠᠬᠢᠴᠠ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠬᠢᠩᠭᠠᠨ ᠠᠶᠢᠮᠠᠭ ᠭᠤᠷᠪᠠᠳᠤᠭᠠᠷ ᠬᠤᠭᠤᠴᠠᠭᠠᠨ ᠤ ᠨᠡᠷᠡᠭᠦᠢ‌‍ᠢ ᠨᠢᠳᠤᠷᠭ᠎ᠠ ᠶᠢᠨ ᠦᠵᠡᠭᠦᠯᠦᠯᠭᠡ ᠶᠢᠨ ᠠᠵᠢᠯᠯᠠᠭ᠎ᠠ ᠡᠷᠭᠢᠯᠡᠪᠡ᠃

ᠲᠣᠰ ᠤᠳᠠᠭᠠᠨ ᠤ ᠠᠵᠢᠯᠯᠠᠭ᠎ᠠ ᠶᠢ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠢᠩᠭᠠᠨ ᠠᠶᠢᠮᠠᠭ ᠤᠨ ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ ᠠᠴᠠ ᠭᠤᠣᠯᠯᠠᠨ ᠡᠷᠭᠢᠯᠡᠵᠦ᠂ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠪᠣᠯᠣᠨ ᠬᠠᠮᠢᠶ᠎ᠠ ᠪᠦᠬᠦᠢ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ 19 ᠲᠥᠯᠥᠭᠡᠯᠡᠭᠴᠢᠳ ᠤᠨ ᠪᠠᠭ ᠣᠷᠣᠯᠴᠠᠵᠠᠢ᠂ ᠲᠣᠰ ᠠᠵᠢᠯᠯᠠᠭ᠎ᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠠᠯᠠᠪᠤᠷ ᠤᠨ ᠬᠥᠮᠥᠨ ᠤ ᠲᠤᠭ᠎ᠠ ᠶᠢ 50 ᠬᠥᠮᠥᠨ ᠠᠴᠠ ᠳᠣᠷᠣᠭᠰᠢ ᠬᠢᠵᠠᠭᠠᠷᠯᠠᠵᠤ᠂ ᠴᠠᠭ ᠬᠤᠭᠤᠴᠠᠭ᠎ᠠ ᠬᠤᠪᠢᠶᠠᠨ ᠶᠠᠪᠤᠭᠳᠠᠭᠤᠯᠵᠠᠢ᠃  ᠠᠵᠢᠯᠯᠠᠭ᠎ᠠ ᠳᠤ ᠤᠷᠤᠯᠴᠠᠭᠰᠠᠨ ᠲᠤᠬᠠᠢ ᠶᠢᠨ ᠲᠠᠯᠠᠪᠠᠶ ᠶᠢᠨ ᠲᠠᠮᠢᠷᠴᠢᠳ ᠨᠡᠷᠡᠭᠦᠢ ᠨᠢᠳᠤᠷᠭ᠎ᠠ ᠶᠢᠨ ᠬᠤᠪᠴᠠᠰᠤ ᠡᠮᠦᠰᠦᠨ ᠤᠶᠠᠬᠠᠨ ᠠᠶᠠᠲᠠᠢ ᠬᠥᠭᠵᠢᠮ ᠤᠨ ᠳᠤᠮᠳᠠ ᠨᠡᠷᠡᠭᠦᠢ ᠨᠢᠳᠤᠷᠭ᠎ᠠ ᠶᠢᠨ ᠥᠪᠡᠷᠮᠢᠴᠡ ᠷᠢᠳᠢ ᠰᠢᠳᠢ ᠶᠢ ᠭᠠᠶᠢᠬᠠᠭᠤᠯᠪᠠ᠃    

ᠲᠤᠰ ᠤᠳᠠᠭ᠎ᠠ ᠶᠢᠨ ᠠᠵᠢᠯᠯᠠᠭ᠎ᠠ ᠨᠢ ᠥᠷᠭᠡᠨ ᠤᠯᠠᠨ ᠲᠦᠮᠡᠨ ᠳᠤ ᠰᠢᠯᠢᠳᠡᠭ ᠪᠡᠶ᠎ᠡ ᠴᠢᠭᠢᠷᠠᠭᠵᠢᠭᠤᠯᠬᠤ ᠲᠦᠷᠦᠯ ᠵᠦᠢᠯ ᠢ ᠬᠠᠩᠭᠠᠵᠤ᠂ ᠨᠡᠩ ᠤᠯᠠᠨ ᠬᠥᠮᠥᠰ ᠲᠤ ᠨᠡᠷᠡᠬᠦᠢ ᠨᠢᠳᠤᠷᠭ᠎ᠠ ᠶᠢ ᠣᠶᠢᠯᠠᠭᠠᠭᠤᠯᠵᠤ᠂ ᠨᠡᠷᠡᠬᠦᠢ ᠨᠢᠳᠤᠷᠭ᠎ᠠ ᠶᠢ ᠪᠠᠭ᠋ᠠᠷᠤᠭᠤᠯᠵᠤ᠂ ᠨᠡᠷᠡᠬᠦᠢ ᠨᠢᠳᠤᠷᠭ᠎ᠠ ᠶᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠠᠨ ᠲᠦᠮᠡᠨ ᠤ ᠪᠡᠶ᠎ᠡ ᠶᠢᠨ ᠲᠠᠮᠢᠷ ᠤᠨ ᠠᠮᠢᠳᠤᠷᠠᠯ ᠢ ᠠᠬᠢᠭᠤᠯᠬᠤ᠂ ᠤᠯᠠᠨ ᠲᠦᠮᠡᠨᠴᠢ ᠪᠡᠶ᠎ᠡ ᠶᠢᠨ ᠲᠠᠮᠢᠷ ᠪᠣᠯᠣᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠦᠬᠦ ᠲᠠᠯ᠎ᠠ ᠶᠢᠨ ᠬᠥᠭᠵᠢᠯᠲᠡ ᠶᠢ ᠨᠠᠶᠢᠳᠠᠪᠤᠷᠢᠵᠢᠭᠤᠯᠤᠨ ᠠᠬᠢᠭᠤᠯᠬᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃

ᠢᠷᠡᠯᠳᠡ : 

 ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ