11 ᠰᠠᠷ᠎ᠠ ᠶᠢᠨ 15 ᠤ ᠦᠳᠡ ᠶᠢᠨ ᠡᠮᠦᠨ᠎ᠡ᠂ 2022 ᠣᠨ ᠤ ᠪᠦᠬᠦ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠶᠠᠷᠢᠯᠴᠠᠬᠤ ᠬᠤᠷᠠᠯ ᠢ ᠰᠦᠯᠵᠢᠶᠡᠨ ᠳᠡᠭᠡᠷᠡᠬᠢ ᠬᠤᠷᠠᠯ ᠤᠨ ᠬᠡᠯᠪᠡᠷᠢ ᠪᠠᠷ  ᠬᠤᠷᠠᠯᠳᠤᠭᠤᠯᠪᠠ᠃

ᠶᠠᠷᠢᠯᠴᠠᠬᠤ ᠬᠤᠷᠠᠯ ᠳᠡᠭᠡᠷ᠎ᠡ᠂ ᠤᠷᠢᠳᠠᠪᠠᠷ ᠥᠩᠭᠡᠷᠡᠭᠰᠡᠨ 5 ᠵᠢᠯ ᠤᠨ ᠪᠦᠬᠦ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠡᠷᠭᠢᠴᠡᠭᠦᠯᠵᠦ᠂ 2022 ᠣᠨ ᠤ ᠭᠤᠣᠯ ᠠᠵᠢᠯ ᠵᠢᠴᠢ ᠣᠯᠣᠭᠰᠠᠨ ᠢᠯᠡᠳᠲᠡ ᠠᠮᠵᠢᠯᠲᠠ ᠶᠢ ᠳ᠋ᠦᠩᠨᠡᠵᠦ᠂ ᠳᠠᠷᠠᠭᠠᠴᠢ ᠶᠢᠨ ᠱᠠᠲᠤᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠲᠥᠯᠥᠪᠯᠡᠭᠡ ᠪᠣᠯᠣᠨ ᠬᠠᠷᠠᠯᠲᠠ ᠡᠭᠦᠷᠭᠡ ᠶᠢ ᠳᠥᠭᠦᠮᠬᠡᠨ ᠲᠠᠨᠢᠯᠴᠠᠭᠤᠯᠪᠠ᠃ ᠡᠯ᠎ᠡ ᠠᠶᠢᠮᠠᠭ ᠬᠤᠲᠠ ᠶᠢᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠥᠮᠥᠰ ᠲᠠᠰ ᠳᠠᠷᠠᠭᠠᠯᠠᠨ ᠶᠠᠷᠢᠶ᠎ᠠ ᠲᠠᠯᠪᠢᠬᠤ ᠶᠢᠨ ᠬᠠᠮᠲᠤ ᠪᠥᠬᠦ ᠤᠯᠤᠰ ᠤᠨ ᠠᠩᠬᠠᠳᠤᠭᠠᠷ ᠬᠤᠭᠤᠴᠠᠭᠠᠨ ᠤ ᠰᠤᠷᠤᠭᠴᠢᠳ(ᠵᠠᠯᠠᠭᠤᠴᠤᠳ) ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠢᠳᠡᠪᠬᠢᠲᠡᠢ ᠪᠡᠯᠡᠳᠬᠡᠬᠦ ᠲᠤᠬᠠᠢ ᠭᠦᠨᠵᠡᠭᠡᠢ ᠰᠠᠨᠠᠯ ᠢᠶᠠᠨ ᠰᠤᠯᠢᠯᠴᠠᠪᠠ᠃

ᠢᠷᠡᠯᠳᠡ : 

ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ