1.jpg

2023 ᠣᠨ ᠤ 1 ᠰᠠᠷ᠎ᠠ ᠶᠢᠨ 1 ᠤ ᠡᠳᠦᠷ᠂ 《ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ》  ᠥᠪᠥᠷ ᠮᠣᠩᠭᠤᠯ ᠤᠨ ᠰᠢᠨ᠎ᠡ ᠤᠨ ᠳᠤ ᠠᠯᠬᠤᠵᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠬᠥᠬᠡᠬᠤᠲᠠ ᠶᠢᠨ ᠬᠥᠳᠡᠯᠮᠦᠷᠢ ᠴᠡᠴᠡᠷᠯᠢᠭ ᠲᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠥᠪᠥᠷᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠪ ᠠᠴᠠ ᠭᠤᠣᠯᠯᠠᠨ ᠡᠷᠭᠢᠯᠡᠵᠦ᠂ 200 ᠭᠠᠷᠤᠢ ᠪᠡᠶ᠎ᠡ ᠴᠢᠭᠢᠷᠠᠭᠵᠢᠭᠤᠯᠬᠤ ᠳᠤᠷᠠᠲᠠᠢ ᠬᠦᠮᠦᠰ ᠤᠷᠤᠯᠴᠠᠪᠠ᠃

1.jpg

ᠰᠢᠨ᠎ᠡ ᠤᠨ ᠳᠤ ᠠᠭᠤᠯᠠᠨ ᠳᠤ ᠠᠪᠠᠷᠢᠬᠤ ᠠᠵᠢᠯᠯᠠᠭ᠎ᠠ ᠪᠣᠯ ᠤᠨ ᠪᠦᠷᠢ ᠶᠢᠨ ᠡᠬᠢᠨ ᠳᠤ ᠶᠠᠪᠤᠭᠳᠠᠳᠠᠭ ᠪᠦᠬᠦ ᠤᠯᠤᠰ ᠤᠨ ᠴᠢᠨᠠᠷᠲᠠᠢ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠪᠣᠯᠣᠨ᠎ᠠ᠃ ᠡᠨᠡᠵᠢᠯ ᠴᠠᠭ ᠠᠭᠤᠷ᠂ ᠬᠢᠵᠢᠭ ᠤᠨ ᠪᠠᠶᠢᠳᠠᠯ ᠵᠡᠷᠭᠡ ᠰᠢᠯᠲᠠᠭᠠᠨ ᠠᠴᠠ ᠪᠣᠯᠵᠤ ᠠᠭᠤᠯᠠᠨ ᠳᠤ ᠠᠪᠠᠷᠢᠬᠤ ᠶᠢ ᠴᠡᠴᠡᠷᠯᠢᠭ ᠲᠤ ᠠᠯᠬᠤᠬᠤ ᠪᠤᠯᠭᠠᠨ ᠦᠭᠡᠷᠡᠴᠢᠯᠡᠪᠡ᠃ ᠠᠵᠢᠯᠯᠠᠭ᠎ᠠ ᠨᠢ ᠣᠯᠠᠨ ᠲᠦᠮᠡᠨ ᠳᠤ ᠴᠡᠴᠡᠷᠯᠢᠭ ᠲᠤ ᠠᠯᠬᠤᠵᠦ  ᠪᠡᠶ᠎ᠡ ᠴᠢᠭᠢᠷᠠᠭᠵᠢᠭᠤᠯᠬᠤ ᠶᠢᠨ ᠳᠥᠭᠦᠮ ᠳᠥᠲᠡ ᠶᠢ ᠭᠦᠨᠵᠡᠭᠡᠢ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ᠂ ᠭᠤᠣᠯᠯᠠᠨ ᠡᠷᠬᠢᠯᠡᠭᠰᠡᠨ ᠲᠠᠯ᠎ᠠ ᠶᠢᠨ ᠬᠢᠨ ᠪᠠᠰᠠ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠡᠳᠡᠯᠭᠡ ᠶᠢᠨ ᠠᠰᠠᠭᠤᠯᠲᠠ ᠬᠠᠷᠢᠭᠤᠯᠲᠠ ᠵᠡᠷᠭᠡ ᠤᠯᠠᠨ ᠠᠭᠤᠯᠭ᠎ᠠ ᠲᠣᠬᠢᠷᠠᠭᠤᠯᠵᠤ᠂ ᠤᠯᠠᠨ ᠲᠦᠮᠡᠨ ᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ ᠤᠷᠤᠯᠴᠠᠭᠤᠯᠬᠤ ᠶᠢᠨ ᠬᠠᠮᠲᠤ ᠪᠠᠶᠠᠷ ᠤᠨ ᠡᠳᠦᠷ ᠤᠨ ᠪᠠᠶᠠᠷ ᠪᠠᠭ᠋ᠠᠳᠤᠯ ᠢ   ᠮᠡᠳᠡᠷᠡᠭᠦᠯᠪᠡ᠃

1.jpg

ᠠᠯᠬᠤᠬᠤ ᠵᠠᠮ ᠢ ᠬᠥᠬᠡᠬᠤᠲᠠ ᠶᠢᠨ ᠪᠠᠭ᠎ᠠ ᠬᠡᠦᠬᠡᠨ ᠭᠤᠣᠯ ᠤᠨ ᠳᠠᠭᠠᠤ ᠪᠠᠶᠢᠷᠢᠯᠠᠭᠤᠯᠵᠤ᠂ ᠪᠥᠬᠦ ᠣᠷᠳᠣ ᠨᠢ ᠲᠠᠪᠤᠨ ᠺᠢᠯᠣᠮᠧᠲᠷ ᠪᠣᠯᠣᠨ᠎ᠠ᠃ ᠤᠷᠤᠯᠴᠠᠭᠰᠤᠨ ᠲᠤ ᠪᠠᠶᠠᠷ ᠪᠠᠶᠠᠰᠤᠯ ᠢ ᠪᠡᠯᠭᠡᠳᠡᠭᠰᠡᠨ ᠤᠯᠠᠭᠠᠨ ᠮᠠᠯᠠᠭᠠᠢ᠂  ᠤᠯᠠᠭᠠᠨ ᠪᠡᠭᠡᠯᠡᠢ ᠵᠡᠷᠭᠡ ᠳᠤᠷᠠᠰᠬᠠᠯ ᠤᠨ ᠡᠳ᠋ ᠪᠡᠯᠡᠭᠯᠡᠭᠰᠡᠨ ᠢᠶᠠᠷ ᠪᠠᠷᠠᠬᠤ ᠦᠭᠡᠢ᠂ ᠬᠦᠮᠦᠰ ᠪᠠᠰᠠ 《ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠴᠠᠭᠠᠨ ᠰᠠᠷ᠎ᠠ》  ᠭᠡᠬᠦ ᠬᠦᠰᠢᠭᠡ ᠶᠢᠨ ᠡᠮᠦᠨ᠎ᠡ ᠲᠤᠷᠠᠰᠬᠠᠯ ᠵᠢᠷᠤᠭ ᠲᠠᠳᠠᠵᠦ᠂ ᠰᠢᠨ᠎ᠡ ᠵᠢᠯ ᠤᠨ ᠢᠷᠦᠭᠡᠯ ᠲᠡᠪᠰᠢᠭᠦᠯᠪᠡ᠃

1.jpg


ᠢᠷᠡᠯᠳᠡ : 

ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ