2.jpg

12 ᠰᠠᠷ᠎ᠠ ᠶᠢᠨ 30 ᠤ ᠡᠳᠦᠷ᠂ 2022— 2023 ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠬᠡᠭᠡᠷ᠎ᠡ ᠶᠢᠨ ᠴᠡᠨᠡᠯᠡᠯᠲᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠾᠧᠪᠧᠢ ᠶᠢᠨ ᠴᠢᠭᠤᠯᠤᠯᠲᠤ ᠬᠠᠭᠠᠯᠭ᠎ᠠ ᠳᠤ ᠥᠨᠳᠥᠷᠯᠡᠪᠡ᠃ ᠲᠤᠰ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠬᠡᠭᠡᠷ᠎ᠡ ᠶᠢᠨ ᠴᠡᠨᠡᠯᠡᠯᠲᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ 3 ᠡᠳᠦᠷ ᠶᠠᠪᠤᠭᠳᠠᠵᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 40 ᠭᠠᠷᠤᠢ ᠲᠠᠮᠢᠷᠴᠢᠨ ᠤᠷᠤᠯᠳᠤᠭᠠᠨ ᠳᠤ ᠣᠷᠣᠯᠴᠠᠵᠠᠢ᠃ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠠᠴᠠ 6 ᠬᠥᠮᠥᠨ ᠢ ᠰᠣᠩᠭᠤᠨ ᠲᠣᠮᠢᠯᠠᠵᠤ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠤᠷᠤᠯᠳᠤᠭᠠᠨ ᠳᠤ ᠤᠷᠤᠯᠴᠠᠨ᠂ 2 ᠠᠯᠲᠠᠨ ᠮᠧᠳᠠᠯ᠂ 3 ᠬᠦᠷᠡᠯ ᠮᠧᠳᠠᠯ ᠣᠯᠣᠭᠰᠠᠨ ᠰᠢᠯᠢᠳᠡᠭ ᠬᠢᠷᠢ ᠪᠦᠲᠦᠮᠵᠢ ᠣᠯᠪᠠ᠃

ᠡᠷᠡᠭᠲᠡᠢ ᠶᠢᠨ ᠣᠶᠢᠷ᠎ᠠ ᠵᠠᠢ ᠶᠢᠨ(ᠴᠢᠯᠦᠭᠡᠲᠦ ᠮᠡᠷᠭᠡᠵᠢᠯ) ᠪᠠ ᠬᠤᠯᠠ ᠵᠠᠢ ᠶᠢᠨ 10KM ᠬᠠᠮᠲᠤ ᠪᠠᠷ ᠮᠣᠷᠳᠠᠬᠤ ᠤᠷᠤᠯᠳᠤᠭᠠᠨ ᠳᠤ᠂ ᠲᠠᠮᠢᠷᠴᠢᠨ ᠯᠢᠦ ᠪᠥᠸᠧ ᠺᠠᠢ ᠬᠤᠶᠠᠷ ᠵᠦᠢᠯ ᠤᠨ ᠤᠷᠤᠯᠳᠤᠭᠠᠨ ᠤ ᠠᠯᠲᠠᠨ ᠮᠧᠳᠠᠯ ᠬᠦᠷᠳᠡᠵᠦ᠂ ᠣᠷᠳᠣᠰ ᠬᠤᠲᠠ ᠪᠦᠬᠦ ᠤᠯᠤᠰ ᠤᠨ ᠭᠡᠭᠡᠷ᠎ᠡ ᠶᠢᠨ ᠴᠡᠨᠡᠯᠡᠯᠳᠡ ᠶᠢᠨ ᠤᠷᠤᠯᠳᠤᠭᠠᠨ ᠳᠤ ᠠᠯᠲᠠᠨ ᠮᠧᠳᠠᠯ ᠤᠯᠤᠭ᠎ᠠ ᠦᠭᠡᠢ ᠪᠠᠶᠢᠭᠰᠠᠨ ᠲᠡᠦᠬᠡ ᠶᠢ ᠡᠴᠦᠰᠯᠡᠭᠦᠯᠪᠡ᠃ ᠵᠠᠯᠠᠭᠤᠴᠤᠳ ᠤᠨ ᠳᠤᠭᠤᠶᠢᠯᠠᠩ ᠤᠨ ᠡᠮᠡᠭᠲᠡᠢ ᠶᠢᠨ ᠣᠶᠢᠷ᠎ᠠ ᠵᠠᠢ ᠶᠢᠨ(ᠴᠢᠯᠦᠭᠡᠲᠦ ᠮᠡᠷᠭᠡᠵᠢᠯ) ᠪᠠ ᠬᠤᠯᠠ ᠵᠠᠢ ᠶᠢᠨ 10KM ᠬᠠᠮᠲᠤ ᠪᠠᠷ ᠮᠣᠷᠳᠠᠬᠤ(ᠴᠢᠯᠦᠭᠡᠲᠦ ᠮᠡᠷᠭᠡᠵᠢᠯ)ᠤᠷᠤᠯᠳᠤᠭᠠᠨ ᠳᠤ᠂ ᠲᠠᠮᠢᠷᠴᠢᠨ ᠶᠢᠩ ᠲᠠᠢ ᠵᠢᠢ ᠪᠣᠯᠣᠨ ᠵᠠᠩ ᠢᠦᠢ ᠵᠢᠶᠧ ᠲᠤᠰ ᠪᠦᠷᠢ ᠬᠦᠷᠡᠯ ᠮᠧᠳᠠᠯ ᠬᠦᠷᠳᠡᠪᠡ᠃ ᠵᠠᠯᠠᠭᠤᠴᠤᠳ ᠤᠨ ᠳᠤᠭᠤᠶᠢᠯᠠᠩ ᠤᠨ ᠡᠮᠡᠭᠲᠡᠢ ᠶᠢᠨ ᠬᠠᠮᠲᠤ ᠶᠢᠨ ᠤᠷᠤᠯᠳᠤᠭᠠᠨ ᠳᠤ ᠲᠠᠮᠢᠷᠴᠢᠨ ᠶᠢᠩ ᠲᠠᠢ ᠵᠢᠢ᠂ ᠰᠢᠶᠠ ᠢᠦᠢ ᠳ᠋ᠦᠩ ᠬᠦᠷᠡᠯ ᠮᠧᠳᠠᠯ ᠭᠠᠷᠳᠠᠪᠠ᠃

2.jpg


ᠢᠷᠡᠯᠳᠡ : 

ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ