ᠬᠣᠶᠠᠳᠤᠭᠠᠷ ᠬᠤᠭᠤᠴᠠᠭᠠᠨ ᠤ ᠳᠤᠮᠳᠠᠳᠤ ᠣᠷᠣᠰ ᠤᠨ ᠰᠦᠯᠵᠢᠶᠡᠨ ᠦ ᠮᠢᠭᠮᠡᠨ ᠰᠢᠳᠠᠷ᠎ᠠ ᠶᠢᠨ ᠤᠷᠤᠯᠳᠤᠭᠠᠨ ᠣᠶᠢᠷ᠎ᠠ ᠳᠤ ᠰᠦᠯᠵᠢᠶ᠎ᠡ ᠲᠡᠭᠡᠷ᠎ᠡ ᠬᠥᠰᠢᠭᠡ ᠪᠡᠨ ᠰᠡᠬᠦᠪᠡ ᠃ ᠤᠷᠤᠯᠳᠤᠭᠠᠨ ᠨᠢ ᠳᠤᠮᠳᠠᠳᠤ ᠣᠷᠣᠰ ᠤᠨ ᠬᠠᠮᠲᠤᠷᠠᠭᠰᠠᠨ ᠨᠢᠭᠡᠳᠦᠭᠡᠷ  ᠪᠠᠭ ᠪᠠ ᠳᠤᠮᠳᠠᠳᠤ ᠣᠷᠣᠰ ᠤᠨ ᠬᠠᠮᠲᠤᠷᠠᠭᠰᠠᠨ ᠬᠤᠶᠠᠳᠤᠭᠠᠷ ᠪᠠᠭ ᠭᠡᠬᠦ ᠬᠣᠶᠠᠷ  ᠪᠠᠭ ᠢ ᠲᠣᠬᠢᠷᠠᠭᠤᠯᠵᠤ ᠂  ᠪᠠᠭ ᠪᠦᠷᠢ ᠲᠤᠰ ᠲᠤᠰ 5 ᠳᠤᠮᠳᠠᠳᠤ ᠤᠯᠤᠰ ᠤᠨ ᠰᠢᠳᠡᠷᠡᠴᠢᠨ ᠪᠠ 5 ᠣᠷᠣᠰ ᠤᠨ ᠰᠢᠳᠡᠷᠡᠴᠢᠨ ᠢᠶᠠᠷ ᠪᠦᠷᠢᠯᠳᠤᠪᠡ᠂ ᠡᠳᠦᠷ ᠪᠦᠷᠢ ᠨᠢᠭᠡ ᠡᠭᠡᠯᠵᠢ ᠶᠢᠨ ᠤᠷᠤᠯᠳᠤᠭᠠᠨ ᠶᠠᠪᠤᠭᠤᠯᠵᠤ ᠂ ᠪᠦᠬᠦ ᠤᠷᠤᠯᠳᠤᠭᠠᠨ ᠨᠢ 1 ᠰᠠᠷ᠎ᠠ ᠶᠢᠨ ᠰᠡᠭᠦᠯᠴᠢ ᠪᠡᠷ ᠳᠠᠭᠤᠰᠬᠤ ᠪᠣᠯᠤᠨ᠎ᠠ ᠃

ᠲᠣᠰ ᠤᠷᠤᠯᠳᠤᠭᠠᠨ ᠢ ᠳᠤᠮᠳᠠᠳᠤ ᠤᠯᠤᠰ ᠤᠨ ᠮᠢᠭᠮᠡᠨ ᠰᠢᠳᠠᠷ᠎ᠠ ᠶᠢᠨ ᠨᠡᠶᠢᠭᠡᠮᠯᠢᠭ ᠂ ᠣᠷᠣᠰ ᠤᠨ ᠮᠢᠭᠮᠡᠨ ᠰᠢᠳᠠᠷ᠎ᠠ ᠶᠢᠨ ᠬᠣᠯᠪᠣᠭ᠎ᠠ ᠠᠴᠠ ᠭᠣᠸᠯᠯᠠᠨ ᠡᠷᠭᠢᠯᠡᠵᠦ ᠂ ᠨᠠᠨᠨᠢᠩ ᠬᠣᠲᠠ ᠶᠢᠨ ᠴᠢᠩ ᠰᠢᠸ ᠲᠣᠭᠣᠷᠢᠭ ᠤᠨ ᠰᠣᠶᠣᠯ ᠷᠠᠳᠢᠣ᠋ ᠲᠧᠯᠸᠢᠰ ᠪᠡᠶ᠎ᠡ ᠶᠢᠨ ᠲᠠᠮᠢᠷ ᠪᠠ ᠵᠢᠭᠤᠯᠴᠢᠯᠠᠯ ᠤᠨ ᠲᠣᠪᠴᠢᠶ᠎ᠠ ᠂ ᠭᠤᠸᠠᠩᠰᠢ ᠶᠢᠨ ᠵᠤᠸᠠᠩ ᠦᠨᠳᠦᠰᠦᠲᠡᠨ ᠦ ᠥᠪᠡᠷᠲᠡᠭᠡᠨ ᠵᠠᠰᠠᠬᠤ ᠣᠷᠣᠨ ᠤ ᠮᠢᠭᠮᠡᠨ ᠰᠢᠳᠠᠷ᠎ᠠ ᠶᠢᠨ ᠨᠡᠶᠢᠭᠡᠮᠯᠢᠭ ᠂ ᠬᠤᠸᠠ ᡁᠢ ᠪᠡᠶ᠎ᠡ ᠶᠢᠨ ᠲᠠᠮᠢᠷ ᠤᠨ ᠠᠵᠤ ᠦᠶᠯᠡᠰ ᠦᠨ ᠬᠤᠪᠢ ᠣᠷᠣᠭᠤᠯᠤᠭᠰᠠᠨ ᠺᠣᠮᠫᠠᠨᠢ ᠳᠠᠭᠠᠭᠠᠴᠢᠯᠠᠨ ᠡᠷᠬᠢᠯᠡᠪᠡ᠃


ᠢᠷᠡᠯᠳᠡ : 

 ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ