ᠰᠤᠷᠪᠤᠯᠵᠢᠯᠠᠭᠴᠢ ᠲᠦᠷᠦᠭᠦᠬᠡᠨ ᠳᠦ ᠬᠤᠷᠠᠯᠳᠤᠭᠤᠯᠤᠭᠰᠠᠨ 2022 ᠣᠨ ᠤ ᠪᠥᠬᠥ ᠤᠯᠤᠰ ᠤᠨ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠨᠠᠷ ᠤᠨ ᠬᠤᠷᠠᠯ ᠠᠴᠠ ᠣᠶᠢᠯᠠᠭᠠᠭᠰᠠᠨ ᠢᠶᠠᠷ᠄ 2022 ᠣᠨ ᠳᠤ ᠪᠥᠬᠥ ᠤᠯᠤᠰ ᠤᠨ ᠪᠡᠶ᠎ᠡ ᠶᠢᠨ ᠲᠠᠮᠢᠷ ᠤᠨ ᠰᠢᠰᠲ᠋ᠧᠮ ᠦᠨ ᠬᠢᠨ ᠪᠥᠬᠥ ᠠᠷᠠᠳ ᠤᠨ ᠪᠡᠶ᠎ᠡ ᠴᠢᠭᠢᠷᠠᠭᠵᠢᠭᠤᠯᠬᠤ ᠰᠦᠯᠵᠢᠶᠡᠨ ᠳᠡᠭᠡᠷᠡᠬᠢ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠵᠦ᠂ ᠤᠷᠤᠯᠳᠤᠭᠠᠨ ᠳᠤ ᠣᠷᠣᠯᠴᠠᠭᠰᠠᠨ ᠬᠥᠮᠦᠨ ᠦ ᠲᠣᠭ᠎ᠠ 1396 ᠲᠦᠮᠡ ᠶᠢ  ᠲᠠᠪᠠᠭᠰᠠᠨ ᠪᠠᠢ᠌ᠢᠨ᠎ᠡ᠃

ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠬᠣᠯᠪᠣᠭᠳᠠᠯ ᠪᠥᠬᠥᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠪᠥᠬᠥ ᠠᠷᠠᠳ ᠤᠨ ᠪᠡᠶ᠎ᠡ ᠴᠢᠭᠢᠷᠠᠭᠵᠢᠭᠤᠯᠬᠤ ᠰᠦᠯᠵᠢᠶᠡᠨ ᠳᠡᠭᠡᠷᠡᠬᠢ ᠪᠡᠶ᠎ᠡ ᠶᠢᠨ ᠲᠠᠮᠢᠷ ᠤᠨ ᠴᠤᠭᠯᠠᠭᠠᠨ ᠳᠤ ᠰᠢᠨ᠎ᠡ ᠶᠢ ᠡᠭᠦᠳᠦᠨ ᠠᠭᠤᠰᠤᠯᠴᠠᠬᠤ ᠂ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠶᠡᠷᠦᠩᠬᠡᠶ ᠲᠣᠪᠴᠢᠶ᠎ᠠ ᠶᠢᠨ 49 ᠲᠥᠷᠥᠯ ᠵᠦᠶᠯ ᠦᠨ ᠲᠥᠪ ᠨᠡᠶᠢᠭᠡᠮᠯᠢᠭ ᠂ 50 ᠭᠠᠷᠤᠶ ᠢᠨᠲᠸ᠋ᠷ ᠰᠦᠯᠵᠢᠶᠡᠨ ᠦ ᠲᠠᠪᠴᠠᠩ ᠂ 10 ᠮᠤᠵᠢ ᠣᠷᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠡᠶ ᠬᠠᠮᠲᠤᠷᠠᠨ 100 ᠭᠠᠷᠤᠶ ᠵᠦᠶᠯ ᠦᠨ ᠰᠦᠯᠵᠢᠶᠡᠨ ᠳᠡᠭᠡᠷᠡᠬᠢ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ ᠂ 327 ᠲᠦᠮᠡ ᠭᠠᠷᠤᠶ ᠬᠤᠪᠢ ᠤᠷᠤᠯᠳᠤᠭᠠᠨ ᠳᠤ ᠤᠷᠤᠯᠴᠠᠭᠰᠠᠨ ᠦᠨᠡᠮᠯᠡᠯ ᠣᠯᠭᠣᠵᠤ ᠂ ᠪᠥᠬᠥ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢᠨ ᠨᠢᠭᠡ ᠶᠡᠬᠡ ᠬᠢᠯᠠᠰ ᠴᠡᠭ ᠪᠣᠯᠤᠭᠰᠠᠨ ᠪᠠᠶᠢᠨ᠎ᠠ ᠃


ᠢᠷᠡᠯᠳᠡ : 

 ᠦᠪᠦᠷ ᠮᠤᠩᠭᠤᠯ ᠤᠨ ᠪᠡᠶ᠎ᠡ ᠶᠢᠨ ᠲᠠᠮᠢᠷ ᠤᠨ ᠲᠤᠪᠴᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ