1.jpg

ᠤᠢ᠌ᠢᠷ᠎ᠠ ᠳᠤ᠂ ᠥᠪᠥᠷ ᠮᠣᠩᠭᠤᠯ ᠤᠨ ᠫᠢᠩᠫᠠᠩ ᠪᠥᠮᠪᠦᠭᠡ ᠶᠢᠨ ᠬᠥᠳᠡᠯᠭᠡᠭᠡᠨ ᠤ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠠᠴᠠ ᠳᠠᠭᠠᠭᠠᠴᠢᠯᠠᠨ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠫᠢᠩᠫᠠᠩ ᠪᠥᠮᠪᠦᠭᠡ ᠶᠢᠨ ᠨᠢᠭᠡᠳᠦᠭᠡᠷ ᠳᠡᠰ ᠤᠨ ᠬᠢᠨᠠᠭᠴᠢ ᠶᠢᠨ ᠪᠤᠯᠪᠠᠰᠤᠷᠠᠯ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠲᠤ ᠶᠠᠪᠤᠭᠳᠠᠪᠠ᠃

1.jpg

ᠪᠦᠬᠦ ᠣᠷᠣᠨ ᠤ ᠡᠯ᠎ᠡ ᠭᠠᠵᠠᠷ ᠠᠴᠠ ᠢᠷᠡᠭᠰᠡᠨ 90 ᠭᠠᠷᠤᠢ  ᠬᠢᠨᠠᠭᠴᠢ ᠪᠤᠯᠪᠠᠰᠤᠷᠠᠯ ᠳᠤ ᠤᠷᠤᠯᠴᠠᠪᠠ᠃ ᠬᠤᠲᠠ ᠶᠢᠨ ᠫᠢᠩᠫᠠᠩ ᠪᠥᠮᠪᠦᠭᠡ ᠶᠢᠨ ᠨᠡᠶᠢᠭᠡᠮᠯᠢᠭ ᠤᠨ ᠤᠯᠤᠰ ᠤᠨ ᠲᠠᠰ ᠤᠨ ᠬᠢᠨᠠᠭᠴᠢ ᠲᠣᠰ ᠲᠣᠰ ᠤᠷᠤᠯᠳᠤᠭᠠᠨ ᠤ ᠳᠦᠷᠢᠮ᠂ ᠰᠢᠪᠠᠭ᠎ᠠ ᠰᠤᠭᠤᠯᠵᠤ ᠨᠠᠶᠢᠷᠠᠭᠤᠯᠤᠨ ᠵᠢᠭᠰᠠᠭᠠᠬᠤ᠂ ᠲᠤᠬᠠᠢ ᠶᠢᠨ ᠲᠠᠯᠠᠪᠤᠷ ᠲᠤ ᠠᠵᠢᠯᠯᠠᠭᠤᠯᠬᠤ ᠵᠡᠷᠭᠡ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠪᠠ  ᠪᠤᠯᠪᠠᠰᠤᠷᠠᠯ ᠬᠢᠵᠦ᠂ ᠬᠢᠨᠠᠭᠴᠢ ᠲᠠᠰᠤᠯᠤᠯᠲᠠ ᠬᠢᠬᠦ ᠶᠠᠪᠤᠴᠠ ᠳᠤ ᠳᠦᠷᠢᠮ ᠢ ᠵᠥᠪ ᠬᠡᠷᠡᠭᠯᠡᠬᠦ᠂ ᠭᠠᠷ ᠤᠨ ᠳᠣᠬᠢᠶ᠎ᠠ ᠶᠢ ᠵᠢᠷᠤᠮᠵᠢᠭᠤᠯᠤᠨ ᠬᠡᠷᠡᠭᠯᠡᠬᠦ ᠶᠢ ᠴᠢᠩᠭᠠᠳᠬᠠᠵᠤ᠂ ᠬᠢᠨᠠᠭᠴᠢᠳ ᠤᠨ ᠤᠷᠤᠯᠳᠤᠭᠠᠨ ᠤ ᠠᠵᠢᠯ ᠤᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠵᠡᠢ᠃ ᠪᠤᠯᠪᠠᠰᠤᠷᠠᠯ ᠳᠠᠭᠤᠰᠤᠭᠰᠠᠨ ᠤ ᠳᠠᠷᠠᠭ᠎ᠠ ᠣᠷᠣᠯᠴᠠᠭᠰᠠᠨ ᠬᠢᠨᠠᠭᠴᠢᠳ ᠲᠤ ᠬᠢᠨᠠᠨ ᠰᠢᠯᠭᠠᠯᠲᠠ ᠬᠢᠵᠦ᠂ ᠣᠷᠳᠣᠰ ᠬᠤᠳᠠ ᠶᠢᠨ 16 ᠬᠥᠮᠥᠨ ᠬᠢᠨᠠᠨ ᠰᠢᠯᠭᠠᠯᠲᠠ ᠪᠠᠷ ᠲᠠᠮᠵᠢᠨ ᠤᠯᠤᠰ ᠤᠨ ᠨᠢᠭᠡᠳᠦᠭᠡᠷ ᠳᠡᠰ ᠤᠨ ᠬᠢᠨᠠᠨ ᠰᠢᠭᠦᠬᠦ ᠬᠢᠷᠢ ᠬᠡᠮ ᠤᠨ ᠦᠨᠡᠮᠯᠡᠯ ᠣᠯᠵᠠᠢ᠃

1.jpg


ᠢᠷᠡᠯᠳᠡ : 

 ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ